ᠢᠦᠢ ᠴᠢᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2024 ᠣᠨ ᠤ ︽ᠲᠠᠪᠤᠨ ᠲᠦᠮᠡᠨ ᠣᠶᠤᠲᠠᠳ ᠢ ᠬᠥᠬᠡᠬᠤᠲᠠ ᠳᠤ ᠦᠯᠡᠳᠡᠭᠡᠬᠦ︾ ᠵᠢᠴᠢ ᠵᠠᠭᠤᠨ ᠡᠳᠦᠷ ᠤᠨ ᠮᠢᠩᠭ᠎ᠠ ᠲᠦᠮᠡᠨ ᠠᠵᠢᠯᠲᠠᠨ ᠡᠯᠰᠡᠬᠦ ᠲᠤᠰᠬᠠᠶ ᠠᠵᠢᠯᠯᠠᠭ᠎ᠠ ᠶᠢᠨ ᠺᠠᠶᠢᠳᠧ ᠲᠠᠯᠠᠪᠠᠶ ᠶᠢᠨ ᠬᠡᠷ ᠤᠨ ᠭᠠᠳᠠᠨᠠᠬᠢ ᠲᠤᠰᠬᠠᠶ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/5/28
     ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠠᠵᠢᠯ ᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠲᠡᠳᠡᠨ ᠤ ᠠᠵᠢᠯ ᠤᠯᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠣᠭᠤᠷᠢᠭ ᠤᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠨᠡᠶᠢᠲᠡ 14 ᠰᠠᠯᠠᠭ᠎ᠠ ᠮᠥᠴᠢᠷ ᠲᠠᠢ ᠢᠳᠡᠪᠬᠢᠲᠡᠶ ᠭᠠᠷ ᠬᠤᠯᠪᠣᠯᠴᠠᠨ᠂ ᠺᠠᠶᠢᠳᠧ ᠲᠠᠯᠠᠪᠠᠶ ᠶᠢᠨ ᠭᠠᠳᠠᠨ᠎ᠠ 2024 ᠣᠨ ᠤ ᠢᠦᠶ ᠴᠢᠤᠸᠠᠨ ᠲᠣᠭᠤᠷᠢᠭ ᠤᠨ ︽ᠲᠠᠪᠤᠨ ᠲᠦᠮᠡᠨ ᠤᠶᠤᠲᠠᠳ ᠢ ᠬᠥᠬᠡᠬᠤᠲᠠ ᠳᠤ ᠦᠯᠡᠳᠡᠭᠡᠬᠦ︾ ᠵᠢᠴᠢ ᠵᠠᠭᠤᠨ ᠡᠳᠦᠷ ᠤᠨ ᠮᠢᠩᠭᠠᠨ ᠲᠦᠮᠡᠨ ᠬᠥᠮᠦᠨ ᠢ ᠡᠯᠰᠡᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠪᠠ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠰᠦᠯᠵᠢᠶᠡᠨ ᠭᠠᠳᠠᠨᠠᠬᠢ ᠪᠠ ᠰᠦᠯᠵᠢᠶᠡᠨ ᠳᠡᠭᠡᠷᠡᠬᠢ ᠲᠤᠬᠠᠶ ᠶᠢᠨ ᠲᠠᠯᠠᠪᠤᠷ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠰᠢᠨ᠎ᠡ ᠵᠠᠭᠪᠤᠷ ᠢ ᠬᠡᠷᠡᠭᠯᠡᠵᠦ᠂ ᠨᠡᠶᠢᠲᠡ 300 ᠰᠦᠯᠵᠢᠶᠡᠨ ᠭᠠᠳᠠᠨᠠᠬᠢ ᠠᠵᠤ ᠠᠬᠤᠶᠢᠯᠠᠯ ᠪᠠ 560 ᠰᠦᠯᠵᠢᠶᠡᠨ ᠳᠡᠭᠡᠷᠡᠬᠢ ᠠᠵᠤ ᠠᠬᠤᠶᠢᠯᠠᠯ ᠣᠷᠣᠯᠴᠠᠵᠤ᠂ ᠡᠯᠪᠡᠭ ᠪᠠᠶᠠᠯᠢᠭ ᠠᠵᠢᠯ ᠤᠨ ᠪᠠᠶᠢᠷᠢ ᠬᠠᠩᠭᠠᠵᠤ᠂ ᠲᠤᠭ᠎ᠠ ᠬᠡᠮᠵᠢᠶ᠎ᠡ ᠨᠢ 14000 ᠭᠠᠷᠤᠶ ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠡᠳᠦᠷ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠯᠠᠭ᠎ᠠ ᠬᠥᠮᠦᠰ ᠤᠨ ᠠᠩᠬᠠᠷᠤᠯ ᠢ ᠶᠡᠬᠡᠳᠡ ᠲᠠᠲᠠᠵᠤ᠂ ᠦᠵᠡᠭᠰᠡᠨ ᠬᠥᠮᠦᠨ ᠤ ᠲᠤᠭ᠎ᠠ 25.3 ᠲᠦᠮᠡᠨ ᠤᠳᠠᠭ᠎ᠠ ᠶᠢ ᠳᠠᠪᠠᠵᠤ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃
     ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ ᠮᠠᠰᠢ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠢᠨ ᠬᠤᠶᠢᠨ᠎ᠠ ᠬᠤᠶᠢᠨ᠎ᠠ ᠠᠴᠠ ᠪᠠᠨ ᠰᠠᠭᠤᠵᠤ᠂ ᠡᠯ᠎ᠡ ᠠᠵᠢᠯ ᠤᠨ ᠪᠠᠶᠢᠷᠢ ᠶᠢᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠲᠤᠯᠢᠭ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠣᠨᠴᠠᠭᠠᠶᠢᠯᠠᠨ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠤᠰᠬᠠᠶ ᠣᠷᠣᠨ ᠭᠠᠷᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠠᠮᠢᠶ᠎ᠠ ᠪᠥᠬᠦᠶ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠬᠠᠨᠳᠤᠯᠭᠠᠲᠤ ᠴᠢᠨᠠᠷᠲᠠᠶ ᠨᠠᠷᠢᠯᠢᠭ ᠣᠨᠣᠴᠠᠲᠠᠶ ᠪᠠᠷ ᠵᠢᠯᠣᠭᠤᠳᠬᠤ ᠦᠢᠯᠡᠴᠢᠯᠡᠭᠡ ᠬᠠᠩᠭᠠᠪᠠ᠃ ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠠᠶ ᠳᠤ ᠪᠠᠰᠠ ︽ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠠᠲᠤᠯᠠᠬᠤ ᠬᠠᠤᠯᠢ︾ ᠪᠠ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠣᠪᠴᠢ 43 ᠵᠤᠷᠪᠤᠰ︾ ᠢ ᠪᠠᠭᠲᠠᠭᠠᠭᠰᠠᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠡᠶᠢᠲᠡ 300 ᠭᠠᠷᠤᠶ ᠬᠤᠪᠢ ᠲᠠᠷᠬᠠᠭᠠᠪᠠ᠃
     ᠠᠵᠢᠯᠯᠠᠭ᠎ᠠ ᠨᠢ ᠲᠡᠭᠦᠰ ᠠᠮᠵᠢᠯᠲᠠ ᠲᠠᠢ ᠲᠡᠭᠦᠰᠴᠦ᠂ ᠨᠡᠶᠢᠲᠡ 300 ᠭᠠᠷᠤᠶ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠲᠣᠰ ᠤᠳᠠᠭᠠᠨ ᠤ ᠠᠵᠢᠯᠲᠠᠨ ᠡᠯᠰᠡᠬᠦ  ᠴᠤᠭᠯᠠᠭᠠᠨ ᠳᠤ ᠣᠷᠣᠯᠴᠠᠵᠤ᠂ ᠠᠩᠬ᠎ᠠ ᠠᠯᠬᠤᠮ 80 ᠭᠠᠷᠤᠶ ᠬᠥᠮᠦᠨ ᠠᠵᠢᠯ ᠣᠯᠬᠤ ᠰᠠᠨᠠᠮᠵᠢ ᠲᠣᠭᠲᠠᠪᠠ᠃ ᠢᠷᠡᠭᠡᠳᠦᠢ ᠳᠤ᠂ ᠢᠦᠢ ᠴᠢᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠶᠠᠩᠵᠤ ᠬᠡᠯᠪᠡᠷᠢ ᠶᠢᠨ ᠠᠵᠢᠯᠲᠠᠨ ᠡᠯᠰᠡᠬᠦ ᠦᠢᠯᠡᠴᠢᠯᠡᠭᠡ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠨᠡᠩ ᠥᠷᠭᠡᠨ ᠠᠭᠤᠳᠠᠮ᠂ ᠴᠢᠨᠠᠷ ᠰᠠᠶᠢᠲᠠᠢ ᠠᠵᠢᠯ ᠣᠯᠵᠤ ᠦᠢᠯᠡᠰ ᠴᠣᠭᠴᠠᠯᠠᠬᠤ ᠲᠠᠪᠴᠠᠩ ᠬᠠᠩᠭᠠᠬᠤ ᠪᠣᠯᠣᠨ᠎ᠠ᠃ ᠡᠭᠦᠨ ᠤ ᠬᠠᠮᠲᠤ᠂ ᠢᠦᠶ ᠴᠢᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠪᠤᠷᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠬᠡᠷ ᠪᠦᠯᠢ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ ᠠᠵᠤ ᠠᠬᠤᠶᠢᠯᠠᠯ ᠳᠤ ᠬᠠᠮᠢᠶ᠎ᠠ ᠪᠥᠬᠦᠶ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠬᠦᠷᠲᠡᠭᠡᠵᠦ᠂ ᠢᠦᠶ ᠴᠢᠤᠸᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠠᠬᠢᠨᠲᠠ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠷᠡᠯ ᠰᠠᠴᠤᠷᠠᠩᠭᠤᠶ ᠠᠮᠵᠢᠯᠲᠠ ᠶᠢ ᠬᠠᠮᠲᠤ ᠪᠠᠷ ᠡᠭᠦᠳᠦᠨ᠎ᠡ᠃
         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号