ᠢᠦᠶ ᠴᠢᠤᠸᠠᠨ ᠲᠣᠭᠤᠷᠢᠭ᠄ ᠬᠤᠭ ᠨᠣᠪᠰᠢ ᠶᠢ ᠲᠥᠷᠥᠯ ᠬᠤᠪᠢᠶᠠᠬᠤ ᠪᠥᠬᠦ ᠶᠠᠪᠤᠴᠠ ᠶᠢ ᠮᠡᠳᠡᠷᠡᠵᠦ ᠬᠤᠭ ᠨᠣᠪᠰᠢ ᠶᠢ ᠲᠥᠷᠥᠯ ᠬᠤᠪᠢᠶᠠᠬᠤ ︽ᠰᠢᠨ᠎ᠡ ᠤᠷᠤᠰᠬᠠᠯ︾ ᠢ ᠪᠥᠬᠦ ᠲᠠᠯ᠎ᠠ ᠪᠠᠷ ᠣᠶᠢᠯᠠᠭᠠᠨ᠎ᠠ
ᠨᠡᠶᠢᠲᠡᠯᠡᠭᠰᠡᠨ ᠴᠠᠭ᠄
2024/5/31
     ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠬᠠᠷᠢᠶᠠᠲᠤ ᠣᠷᠣᠨ ᠤ ᠡᠯ᠎ᠡ ᠠᠵᠢᠯ ᠲᠥᠷᠥᠯ ᠤᠨ ᠬᠠᠮᠢᠶ᠎ᠠ ᠪᠥᠬᠦᠶ ᠠᠵᠢᠯᠲᠠᠨ ᠢ ᠵᠣᠬᠢᠶᠠᠨ ᠪᠠᠶᠢᠭᠤᠯᠤᠨ ᠢᠦᠶ ᠴᠢᠤᠸᠠᠨ ᠲᠣᠭᠤᠷᠢᠭ ᠤᠨ ᠸᠠᠨ ᠶᠢᠨ ᠭᠤᠸᠠᠨ ᠶᠤᠸᠠᠢ ᠬᠤᠷᠢᠶᠠᠯᠠᠯ᠂ ᠢᠦᠶ ᠴᠢᠤᠸᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠠᠯᠠᠪᠤᠷ ᠥᠷᠲᠡᠭᠡ ᠵᠡᠷᠭᠡ ᠭᠠᠵᠠᠷ ᠢᠶᠠᠷ ᠲᠣᠭᠤᠷᠢᠨ ᠦᠵᠡᠵᠦ ᠰᠤᠷᠤᠯᠴᠠᠵᠤ᠂ ᠪᠤᠰᠤᠳ ᠬᠤᠭ ᠨᠣᠪᠰᠢ ᠶᠢᠨ ᠰᠠᠪᠠ ᠶᠢᠨ ᠡᠮᠦᠨ᠎ᠡ ᠵᠢᠵᠢᠭᠦᠷᠯᠡᠨ ᠰᠠᠬᠢᠬᠤ᠂ ᠰᠠᠭᠤᠯᠠᠭ᠎ᠠ ᠡᠯᠭᠦᠵᠦ ᠠᠴᠢᠶᠠᠯᠠᠵᠤ ᠪᠠᠭᠤᠯᠭᠠᠬᠤ᠂ ᠰᠢᠯᠵᠢᠭᠦᠯᠦᠨ ᠲᠡᠭᠡᠭᠡᠪᠦᠷᠢᠯᠡᠵᠦ ᠪᠠᠭᠠᠰᠬᠠᠬᠤ᠂ ᠰᠢᠲᠠᠭᠠᠵᠤ ᠰᠢᠢᠳᠪᠦᠷᠢᠯᠡᠬᠦ ᠵᠡᠷᠭᠡ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠰᠢᠨ᠎ᠡ ᠠᠷᠭ᠎ᠠ᠂ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠨ ᠦᠢᠯᠡᠳᠦᠯᠭᠡᠵᠢᠭᠦᠯᠪᠡ᠃
     ᠲᠣᠭᠤᠷᠢᠨ ᠦᠵᠡᠬᠦ ᠶᠠᠪᠤᠴᠠ ᠳᠤ᠂ ᠠᠵᠢᠯᠲᠠᠳ ᠰᠤᠷᠪᠤᠯᠵᠢᠯᠠᠬᠤ ᠪᠠᠷ ᠢᠷᠡᠭᠰᠡᠨ ᠬᠥᠮᠦᠰ ᠲᠤ ᠬᠤᠭ ᠨᠣᠪᠰᠢ ᠶᠢ ᠲᠥᠷᠥᠯ ᠬᠤᠪᠢᠶᠠᠬᠤ ᠠᠬᠤᠶ ᠪᠠᠶᠢᠳᠠᠯ᠂ ᠠᠴᠢ ᠬᠤᠯᠪᠣᠭᠳᠠᠯ ᠵᠢᠴᠢ ᠪᠣᠳᠠᠲᠠᠶ ᠲᠥᠷᠥᠯ ᠬᠤᠪᠢᠶᠠᠬᠤ ᠪᠠᠷᠢᠮᠵᠢᠶ᠎ᠠ ᠶᠢ ᠨᠠᠷᠢᠨ ᠲᠠᠨᠢᠯᠴᠠᠭᠤᠯᠪᠠ᠃ ᠲᠣᠭᠤᠷᠢᠨ ᠦᠵᠡᠬᠦ ᠬᠥᠮᠦᠰ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠴᠡᠭ᠂ ᠬᠤᠷᠢᠶᠠᠨ ᠴᠤᠭᠯᠠᠭᠤᠯᠬᠤ ᠭᠠᠵᠠᠷ ᠵᠢᠴᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠲᠤᠬᠠᠶ ᠶᠢᠨ ᠲᠠᠯᠠᠪᠠᠶ ᠳᠤ ᠦᠵᠡᠵᠦ᠂ ᠡᠯ᠎ᠡ ᠲᠥᠷᠥᠯ ᠤᠨ ᠬᠤᠭ ᠨᠣᠪᠰᠢ ᠶᠢ ᠬᠠᠶᠠᠬᠤ᠂ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠶᠢ ᠣᠶᠢᠯᠠᠭᠠᠭᠰᠠᠨ ᠪᠥᠭᠡᠳ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠲᠡᠷᠢᠭᠦᠨ ᠤ ᠲᠥᠬᠦᠭᠡᠷᠦᠮᠵᠢ ᠪᠠ ᠮᠡᠷᠭᠡᠵᠢᠯ ᠢ ᠣᠯᠵᠤ ᠦᠵᠡᠪᠡ᠃ ᠲᠣᠰ ᠤᠳᠠᠭᠠᠨ ᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠨᠢ ᠣᠯᠠᠨ ᠳᠤ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠠᠶ ᠠᠵᠢᠯᠯᠠᠭᠠᠨ ᠤ ᠶᠠᠪᠤᠴᠠ ᠶᠢ ᠭᠦᠨᠵᠡᠭᠡᠶ ᠣᠶᠢᠯᠠᠭᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠨᠠᠩ ᠰᠢᠭᠤᠳ ᠪᠥᠭᠡᠳ ᠭᠦᠨᠵᠡᠭᠡᠶ ᠲᠠᠨᠢᠯᠲᠠ ᠲᠠᠢ ᠪᠣᠯᠪᠠ᠃
     ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠲᠠᠰᠤᠭ ᠤᠨ ᠠᠵᠢᠯᠲᠠᠨ ᠳ᠋ᠦᠩ ᠶᠠᠨ ᠴᠢᠩ ᠬᠡᠯᠡᠭᠰᠡᠨ ᠨᠢ᠄ ︽ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠪᠣᠯ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠥᠯᠭᠢᠨ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠢᠷᠡᠭᠡᠳᠦᠢ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠡᠯ᠎ᠡ ᠨᠢᠭᠡᠴᠢ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠬᠠᠮᠲᠤᠪᠠᠷ ᠠᠬᠢᠭᠤᠯᠵᠤ᠂ ᠪᠣᠬᠢᠷᠲᠤᠯ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃
     ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠨᠢ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠯᠠᠨ ᠤ ᠲᠠᠨᠢᠯᠲᠠ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠥᠬᠦ ᠲᠤᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠴᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠢᠷᠡᠭᠡᠳᠦᠢ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号