ᠡᠨᠡ ᠵᠢᠯ ᠤᠨ ᠡᠮᠦᠨ᠎ᠡ 4 ᠰᠠᠷ᠎ᠠ ᠳᠤ 1.3 ᠲᠦᠮᠡᠨ ᠣᠶᠤᠲᠠᠨ ᠬᠦᠬᠡᠬᠤᠲᠠ ᠳᠤ ᠦᠯᠡᠳᠡᠨ ᠠᠵᠢᠯ ᠤᠯᠪᠠ
ᠨᠡᠶᠢᠲᠡᠯᠡᠭᠰᠡᠨ ᠴᠠᠭ᠄
2024/5/31
     ︵ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠶᠠᠩ ᠵᠠᠨ ᠰᠢᠶᠦ᠋ᠩ︶ 2024 ᠣᠨ ᠳᠤ᠂ ᠮᠠᠨ ᠤ ᠬᠤᠲᠠ ︽ᠲᠠᠪᠤᠨ ᠲᠦᠮᠡᠨ ᠣᠶᠤᠲᠠᠨ ᠤ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢ ᠡᠬᠢᠯᠡᠭᠦᠯᠵᠦ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠠᠢᠮᠠᠨ ᠵᠦᠢᠯ ᠤᠨ ᠠᠵᠢᠯᠯᠠᠭ᠎ᠠ︾ ᠶᠢ ᠬᠡᠷᠡᠭᠵᠢᠭᠦᠯᠬᠦ ᠪᠠᠷ ᠳᠠᠮᠵᠢᠭᠤᠯᠤᠨ ᠣᠶᠤᠲᠠᠨ ᠬᠥᠬᠡᠬᠤᠲᠠ ᠳᠤ ᠢᠷᠡᠬᠦ᠂ ᠬᠥᠬᠡᠬᠤᠲᠠ ᠳᠤ ᠪᠤᠴᠠᠬᠤ᠂ ᠬᠥᠬᠡᠬᠤᠲᠠ ᠳᠤ ᠦᠯᠡᠳᠡᠵᠦ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠪᠠ᠃ 1 — 4 ᠳ᠋ᠦ᠋ᠭᠡᠷ ᠰᠠᠷ᠎ᠠ ᠳᠤ ᠪᠦᠬᠦ ᠬᠤᠲᠠ ᠳᠤ 1.3 ᠲᠦᠮᠡᠨ ᠣᠶᠤᠲᠠᠨ ᠬᠥᠬᠡᠬᠤᠲᠠ ᠳᠤ ᠦᠯᠡᠳᠡᠨ ᠠᠵᠢᠯ ᠤᠯᠪᠠ᠃      ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠪᠡ᠃ 1 — 4 ᠳ᠋ᠦ᠋ᠭᠡᠷ ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 38 ᠰᠢᠨ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 360 ᠪᠣᠯᠪᠠ︔ 29 ᠠᠵᠤ ᠠᠬᠤᠶᠢᠯᠠᠯ ᠳᠤ 2.03 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠵᠤ᠂ 1.2 ᠲᠦᠮᠡ ᠭᠠᠷᠤᠶ ᠬᠥᠮᠦᠨ ᠳᠤ ᠲᠣᠭᠲᠠᠪᠤᠷᠢᠲᠠᠶ ᠠᠵᠢᠯ ᠣᠯᠭᠤᠬᠤ ᠶᠢ ᠠᠬᠢᠭᠤᠯᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 74 ᠶᠢ ᠰᠢᠨ᠎ᠡ ᠪᠠᠷ ᠲᠠᠲᠠᠨ ᠠᠪᠴᠢᠷᠠᠵᠤ᠂ 91.01 ᠳ᠋ᠦᠩᠰᠢᠭᠤᠷ ᠲᠥᠭᠦᠷᠢᠭ ᠤᠨ ᠪᠣᠳᠠᠲᠠᠢ ᠪᠡᠯᠡ ᠮᠥᠩᠭᠦ ᠣᠷᠣᠭᠤᠯᠵᠤ᠂ ᠦᠢᠯᠡᠳᠬᠦ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠳᠤ ᠶᠡᠭᠡ ᠬᠡᠮᠵᠢᠶᠡᠨ ᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃      ᠠᠵᠢᠯ ᠤᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠪᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠤᠷᠢᠨ ᠡᠯᠰᠡᠬᠦ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠪᠡ᠃ ᠣᠳᠣᠬᠠᠨ ᠪᠣᠯᠲᠠᠯ᠎ᠠ᠂ ᠬᠤᠲᠠ ᠲᠣᠭᠤᠷᠢᠭ ᠬᠤᠶᠠᠷ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠡᠯ᠎ᠡ ᠲᠥᠷᠥᠯ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 73 ᠲᠠᠯᠠᠪᠤᠷ ᠡᠷᠭᠢᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠢ 4518 ᠤᠳᠠᠭ᠎ᠠ ᠭᠥᠯᠢᠶᠡᠨ ᠠᠪᠴᠤ᠂ 9. 42 ᠲᠦᠮᠡᠨ ᠠᠵᠢᠯ ᠤᠨ ᠪᠠᠶᠢᠷᠢ ᠬᠠᠩᠭᠠᠵᠤ᠂ ᠲᠠᠯᠠᠪᠤᠷ ᠲᠤ ᠣᠷᠣᠭᠰᠠᠨ ᠵᠢᠴᠢ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ 43.3 ᠲᠦᠮᠡᠨ ᠬᠥᠮᠦᠨ ᠤᠳᠠᠭ᠎ᠠ ᠬᠦᠷᠴᠡᠶ᠃ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ ᠰᠠᠭᠤᠷᠢᠨ ᠭᠠᠵᠠᠷ ᠲᠤ ᠲᠦᠰᠢᠭᠯᠡᠨ 246 ᠲᠠᠯᠠᠪᠤᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ ᠨᠡᠶᠢᠲᠡ 4192 ᠠᠵᠢᠯᠲᠠᠨ ᠡᠯᠰᠡᠬᠦ ᠠᠵᠤ ᠠᠬᠤᠶᠢᠯᠠᠯ ᠣᠷᠣᠯᠴᠠᠵᠤ᠂ 4.8 ᠲᠦᠮᠡᠨ ᠠᠵᠢᠯ ᠤᠨ ᠪᠠᠶᠢᠷᠢ ᠬᠠᠩᠭᠠᠵᠤ᠂ 6 ᠲᠦᠮᠡᠨ ᠬᠥᠮᠦᠨ ᠤᠳᠠᠭ᠎ᠠ ᠰᠢᠭᠤᠳ ᠨᠡᠪᠲᠡᠷᠡᠭᠦᠯᠭᠡ ᠶᠢ ᠦᠵᠡᠵᠦ᠂ ᠰᠦᠯᠵᠢᠶᠡᠨ ᠳᠡᠭᠡᠷ᠎ᠡ 8389 ᠬᠥᠮᠦᠨ ᠠᠵᠢᠯ ᠤᠯᠬᠤ ᠰᠠᠨᠠᠮᠵᠢ ᠲᠣᠭᠲᠠᠪᠠ᠃ ᠤᠷᠢᠳ ᠬᠤᠵᠢᠳ 611 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠬᠢᠵᠦ᠂ 2.12 ᠲᠦᠮᠡᠨ ᠠᠵᠢᠯ ᠤᠨ ᠪᠠᠶᠢᠷᠢ ᠬᠠᠩᠭᠠᠪᠠ᠃      ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ︽ᠮᠡᠷᠭᠡᠵᠢᠯ ᠴᠢᠳᠡᠪᠦᠷᠢ ᠶᠢᠨ ᠬᠦᠬᠡᠬᠤᠲᠠ︾ ᠶᠢᠨ ᠠᠵᠢᠯᠯᠠᠭ᠎ᠠ ᠪᠠᠷ ᠳᠡᠮᠵᠢᠭᠤᠯᠥᠨ᠂ ᠵᠠᠯᠠᠭᠤᠴᠣᠳ ᠤᠨ ᠮᠡᠷᠭᠡᠵᠢᠯ ᠴᠢᠳᠡᠪᠦᠷᠢ ᠶᠢᠨ ᠪᠤᠯᠪᠠᠰᠣᠷᠡᠭᠤᠯᠥᠯ ᠤᠨ ᠲᠣᠰᠬᠠᠢ ᠳᠥᠯᠥᠪᠯᠡᠭᠡ ᠶᠢ ᠠᠬᠢᠭᠤᠯᠥᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠳᠡᠬᠦᠰᠦᠭᠰᠡᠳ ᠪᠤᠯᠥᠨ ᠪᠣᠰᠣᠳ ᠵᠠᠯᠠᠭᠤᠴᠣᠳ ᠤᠨ ᠠᠵᠢᠯ ᠣᠯᠵᠦ ᠠᠲᠠᠯ ᠦᠢᠯᠡᠰ ᠴᠣᠠᠠᠴᠠᠯᠬᠠᠥ ᠴᠢᠳᠡᠪᠦᠷᠢ ᠶᠢ ᠳᠡᠭᠡᠭᠰᠢᠯᠡᠬᠦᠯᠬᠦ ᠪᠠᠷ ᠭᠤᠥᠯ ᠪᠤᠯᠭᠠᠵᠦ᠂ ᠰᠢᠨ᠎ᠡ ᠠᠵᠢᠯ ᠮᠡᠷᠭᠡᠵᠢᠯ᠂ ᠰᠢᠨ᠎ᠡ ᠮᠡᠷᠭᠡᠵᠢᠯ ᠴᠢᠳᠡᠪᠦᠷᠢ ᠪᠠ ᠰᠢᠨ᠎ᠡ ᠠᠵᠢᠯ ᠣᠯᠭᠤᠬᠤ ᠭᠡᠯᠪᠡᠷᠢ ᠪᠠᠶᠢᠳᠡᠯ ᠲᠠᠢ ᠣᠶᠠᠯᠳᠣᠭᠤᠯᠥᠨ᠂ ᠬᠢᠮᠡᠯ ᠤᠶᠤᠨ᠂ ᠵᠠᠭᠤᠴᠢᠯᠠᠭᠤᠷ ᠤᠨ ᠠᠵᠢᠯᠯᠠᠭᠠᠨ᠂ ᠲᠣᠣᠷ ᠰᠦᠯᠵᠢᠶ᠎ᠠ ᠶᠢᠨ ᠡᠵᠡᠩᠨᠡᠨ ᠪᠤᠷᠣᠯᠠᠭᠤᠯᠬᠤ ᠵᠡᠷᠭᠡ ᠰᠢᠨ᠎ᠡ ᠠᠵᠢᠯ ᠮᠡᠷᠭᠡᠵᠢᠯ ᠤᠨ ᠪᠤᠯᠪᠠᠰᠣᠷᠡᠭᠤᠯᠥᠯ ᠢ ᠦᠷᠨᠢᠬᠦᠯᠵᠦ᠂ ᠵᠠᠯᠠᠭᠤᠴᠣᠳ ᠤᠨ ᠠᠵᠦ ᠦᠢᠯᠡᠰ ᠤᠨ ᠬᠦᠭᠵᠢᠯᠳᠡ᠂ ᠠᠵᠢᠯ ᠤᠨ ᠪᠠᠶᠢᠷᠢ ᠶᠢᠨ ᠭᠡᠷᠡᠭᠴᠡᠭᠡ ᠱᠠᠭᠠᠷᠳᠡᠯᠭ᠎ᠠ ᠪᠠ ᠦᠨᠳᠣᠰᠣᠡ ᠱᠠᠳᠣᠨ ᠳᠤ ᠠᠵᠢᠯ ᠤᠯᠭᠤᠯᠲᠠ ᠳᠤ ᠲᠣᠬᠢᠷᠡᠬᠤ ᠴᠢᠳᠡᠪᠦᠷᠢ ᠶᠢ ᠪᠦᠳᠦᠮᠵᠢᠳᠡᠢ ᠴᠢᠩᠭᠠᠷᠠᠭᠤᠯᠪᠠ᠃ ᠣᠲᠣ ᠪᠣᠯᠲᠠᠯ᠎ᠠ᠂ ᠨᠢᠭᠡᠨᠲᠡ 2775 ᠬᠥᠮᠦᠨ ᠤᠳᠠᠭ᠎ᠠ ᠪᠣᠯᠪᠠᠰᠤᠷᠠᠭᠤᠯᠵᠠᠶ᠃      ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠪᠡ᠃ 27 ᠵᠦᠢᠯ ᠤᠨ ᠭᠤᠶᠤᠴᠢᠯᠠᠨ ᠮᠡᠳᠡᠭᠦᠯᠬᠦ ᠠᠵᠢᠯ ᠢ ᠨᠠᠷᠢᠨ ᠬᠤᠪᠢᠶᠠᠵᠤ᠂ ᠪᠣᠳᠠᠲᠠᠶ ᠠᠵᠢᠯᠲᠠᠨ ᠨᠢᠭᠡᠪᠦᠷᠢ ᠶᠢ ᠲᠣᠳᠣᠷᠬᠠᠶᠢᠯᠠᠨ᠂ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠠᠴᠢᠮ ᠪᠥᠭᠡᠳ ᠡᠮᠬᠢ ᠵᠢᠷᠤᠮ ᠲᠠᠢ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 21 ᠵᠦᠢᠯ ᠢ ᠪᠡᠶᠡᠯᠡᠭᠦᠯᠵᠦ᠂ 6 ᠵᠦᠢᠯ ᠢ ᠦᠷᠭᠦᠯᠵᠢᠯᠡᠨ ᠠᠬᠢᠭᠤᠯᠵᠤ ᠪᠠᠶᠢᠨ᠎ᠠ᠃      ᠦᠢᠯᠡᠰ ᠪᠤᠰᠬᠠᠬᠤ ᠳᠤ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠪᠡ᠃ ᠦᠢᠯᠡᠰ ᠪᠤᠰᠬᠠᠬᠤ ᠪᠣᠯᠪᠠᠰᠤᠷᠠᠭᠤᠯᠤᠯ ︵ᠳᠠᠳᠤᠯᠭ᠎ᠠ ᠪᠣᠯᠪᠠᠰᠤᠷᠠᠭᠤᠯᠤᠯ︶ ᠪᠠ ᠰᠦᠯᠵᠢᠶᠡᠨ ᠳᠡᠭᠡᠷᠡᠬᠢ ᠦᠢᠯᠡᠰ ᠪᠤᠰᠬᠠᠬᠤ ᠪᠣᠯᠪᠠᠰᠤᠷᠠᠭᠤᠯᠤᠯ ᠢ ᠥᠷᠨᠢᠭᠦᠯᠵᠦ᠂ 245 ᠤᠶᠤᠲᠠᠳ ᠢ ᠪᠣᠯᠪᠠᠰᠤᠷᠠᠭᠤᠯᠵᠤ᠂ ᠵᠠᠯᠠᠭᠤᠴᠤᠳ ᠢ ᠬᠠᠪᠰᠤᠷᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠵᠠᠯᠠᠭᠤᠴᠤᠳ ᠤᠨ ᠠᠵᠢᠯ ᠮᠡᠷᠭᠡᠵᠢᠯ ᠤᠨ ᠳᠡᠭᠡᠭᠰᠢᠯᠡᠯᠲᠡ ᠶᠢᠨ ᠵᠠᠮ ᠢ ᠨᠡᠪᠲᠡᠷᠡᠭᠦᠯᠪᠡ᠃ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯᠯᠠᠭ᠎ᠠ ᠶᠢ ᠬᠡᠷᠡᠭᠵᠢᠭᠦᠯᠪᠡ᠃ 416 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠵᠤ ︽ᠪᠦᠯᠬᠦᠮ ᠮᠠᠶ᠋ᠢᠭ︾ ᠢᠶᠠᠷ ᠪᠡᠭᠡᠵᠢᠩ᠂ ᠬᠠᠷᠪᠢᠨ᠂ ᠴᠠᠩᠴᠦ᠋ᠨ᠂ ᠮᠦᠭᠳᠡᠨ ᠵᠡᠷᠭᠡ ᠬᠤᠲᠠ ᠳᠤ ᠴᠢᠳᠠᠪᠤᠷᠢᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠨᠡᠶᠢᠲᠡ 10006 ᠰᠢᠯᠢᠳᠡᠭ ᠠᠵᠢᠯ ᠤᠨ ᠪᠠᠶᠢᠷᠢ ᠬᠠᠩᠭᠠᠵᠤ᠂ 2300 ᠭᠠᠷᠤᠶ ᠬᠥᠮᠦᠨ ᠠᠩᠬ᠎ᠠ ᠠᠯᠬᠤᠮ ᠰᠠᠨᠠᠮᠵᠢ ᠲᠠᠢ ᠪᠣᠯᠪᠠ᠃      ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠪᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠰᠦᠯᠵᠢᠶ᠎ᠡ᠂ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ ᠬᠠᠮᠤᠭ ᠤᠨ ᠰᠢᠨ᠎ᠡ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠠᠵᠢᠯ ᠡᠷᠢᠭᠰᠡᠳ ᠤᠨ ᠬᠠᠷᠠᠭᠠᠨ ᠳᠤ ᠬᠦᠷᠭᠡᠪᠡ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠢᠳᠡᠪᠬᠢᠲᠡᠶ ᠵᠣᠯᠭᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 10 ᠲᠠᠯᠠᠪᠤᠷ ᠥᠷᠨᠢᠭᠦᠯᠵᠦ᠂ 4000 ᠭᠠᠷᠤᠶ ᠠᠵᠢᠯ ᠤᠨ ᠪᠠᠶᠢᠷᠢ ᠬᠠᠩᠭᠠᠨ᠂ ᠠᠵᠢᠯ ᠡᠷᠢᠬᠦ ᠪᠠ ᠠᠵᠢᠯᠲᠠᠨ ᠡᠯᠰᠡᠬᠦ ᠳᠤ ᠨᠡᠶᠢᠲᠡ 3.8 ᠲᠦᠮᠡᠨ ᠬᠥᠮᠦᠨ ᠤᠳᠠᠭ᠎ᠠ ᠣᠷᠣᠯᠴᠠᠪᠠ᠃      ᠠᠮᠤᠭᠤᠯᠠᠩ ᠤᠷᠤᠨ ᠰᠠᠭᠤᠴᠠ ᠶᠢᠨ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠪᠡ᠃ ᠡᠨᠡ ᠵᠢᠯ ᠠᠴᠠ ᠨᠠᠭᠠᠰᠢ ᠨᠢᠭᠡᠨᠲᠡ 319 ᠨᠡᠷᠡᠰ ︵ᠭᠡᠷ ᠬᠤᠳᠠᠯᠳᠤᠨ ᠠᠪᠬᠤ 168 ᠬᠥᠮᠦᠨ᠂ ᠭᠡᠷ ᠲᠦᠷᠢᠶᠡᠰᠦᠯᠡᠬᠦ 151 ᠬᠥᠮᠦᠨ︶ ᠲᠡᠭᠦᠰᠦᠭᠰᠡᠨ ᠰᠤᠷᠤᠭᠴᠢᠳ ᠲᠤ ᠭᠡᠷ ᠲᠦᠷᠢᠶᠡᠰᠦᠯᠡᠵᠦ ᠭᠡᠷ ᠬᠤᠳᠠᠯᠳᠤᠨ ᠠᠪᠬᠤ ᠨᠥᠬᠦᠪᠥᠷᠢ 666 ᠲᠦᠮᠡᠨ ᠲᠥᠭᠦᠷᠢᠭ ︵ᠭᠡᠷ ᠬᠤᠳᠠᠯᠳᠤᠨ ᠠᠪᠬᠤ 547 ᠲᠦᠮᠡᠨ ᠲᠥᠭᠦᠷᠢᠭ᠂ ᠭᠡᠷ ᠲᠦᠷᠢᠶᠡᠰᠦᠯᠡᠬᠦ 119 ᠲᠦᠮᠡᠨ ᠲᠥᠭᠦᠷᠢᠭ︶ ᠲᠠᠷᠬᠠᠭᠠᠵᠤ᠂ ᠡᠭᠦᠨ ᠠᠴᠠ ᠭᠠᠳᠠᠨ᠎ᠠ 371 ᠬᠥᠮᠦᠨ ᠢ ᠨᠢᠭᠡᠨᠲᠡ ᠬᠢᠨᠠᠨ ᠬᠠᠷᠭᠤᠭᠤᠯᠵᠤ ᠪᠠᠲᠤᠯᠠᠭᠠᠳ᠂ ᠣᠶᠢᠷ᠎ᠠ ᠶᠢᠨ ᠬᠤᠭᠤᠴᠠᠭᠠᠨ ᠳᠤ ᠲᠠᠷᠬᠠᠭᠠᠬᠤ ᠪᠠᠷ ᠪᠠᠢᠨ᠎ᠠ᠃ ᠡᠭᠦᠨ ᠤ ᠬᠠᠮᠲᠤ᠂ ᠬᠡᠷ ᠪᠠᠶᠢᠰᠢᠩ ᠲᠦᠷᠢᠶᠡᠰᠦᠯᠡᠵᠦ ᠬᠤᠳᠠᠯᠳᠤᠨ ᠠᠪᠬᠤ ᠨᠥᠬᠦᠪᠥᠷᠢ ᠶᠢ ᠬᠥᠬᠡᠬᠤᠲᠠ ᠶᠢᠨ ᠴᠢᠳᠠᠪᠤᠷᠢᠲᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠭᠥᠯᠢᠶᠡᠨ ᠠᠪᠴᠤ ᠰᠢᠢᠳᠪᠦᠷᠢᠯᠡᠵᠦ᠂ ᠣᠳᠣᠬᠠᠨ ᠳᠤ ᠲᠠᠪᠴᠠᠩ ᠨᠢᠭᠡᠨᠲᠡ ᠢᠯᠡ ᠰᠤᠷᠢᠯᠲᠠ ᠶᠢᠨ ᠱᠠᠲᠤᠨ ᠳᠤ ᠣᠷᠣᠵᠤ᠂ ᠣᠶᠢᠷ᠎ᠠ ᠳᠤ ᠵᠢᠩᠬᠢᠨᠢ ᠪᠠᠷ ᠰᠦᠯᠵᠢᠶᠡᠨ ᠳᠡᠭᠡᠷ᠎ᠡ ᠭᠠᠷᠴᠤ ᠠᠵᠢᠯᠯᠠᠨ᠎ᠠ᠃    
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号