ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/5/31
     ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ︽ᠠᠵᠤ ᠠᠬᠤᠶᠢᠯᠠᠯ ᠤᠨ ᠬᠥᠭᠵᠢᠯᠲᠡ ᠶᠢ ᠬᠠᠮᠲᠤ ᠪᠠᠷ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠷᠬᠢᠯᠡᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
     ᠲᠣᠰ ᠤᠳᠠᠭᠠᠨ ᠤ ᠠᠵᠢᠯᠯᠠᠭ᠎ᠠ ᠳᠤ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠠᠵᠢᠯᠲᠠᠳ ᠠᠵᠤ ᠠᠬᠤᠶᠢᠯᠠᠯ ᠤᠨ LED ᠲᠣᠮᠣ ᠳᠡᠯᠭᠡᠴᠡ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠩᠰᠢᠬᠤ ᠪᠢᠴᠢᠭ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠳ ᠲᠤ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠴᠢᠬᠤᠯᠠ ᠴᠢᠨᠠᠷ ᠵᠢᠴᠢ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠤᠮᠳᠠᠬᠢ ᠢᠳᠡᠪᠬᠢ ᠦᠢᠯᠡᠳᠦᠯ ᠢ ᠴᠢᠬᠤᠯᠠᠴᠢᠯᠠᠪᠠ᠃
     ᠡᠭᠦᠨ ᠠᠴᠠ ᠭᠠᠳᠠᠨ᠎ᠠ᠂ ᠠᠵᠢᠯᠯᠠᠭ᠎ᠠ ᠳᠤ ᠪᠠᠰᠠ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠱᠤᠭᠤᠮ ᠪᠣᠯᠤᠨ ᠰᠤᠳᠤᠯᠤᠨ ᠨᠡᠭᠡᠭᠡᠬᠦ ᠲᠥᠪ ᠢ ᠲᠣᠭᠤᠷᠢᠨ ᠦᠵᠡᠭᠦᠯᠵᠦ᠂ ᠠᠵᠢᠯᠲᠠᠨ ᠠᠵᠢᠯᠴᠢᠨ ᠳᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠤᠨ ᠦᠨᠳᠦᠰᠦᠲᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠮᠡᠳᠡᠷᠡᠭᠦᠯᠪᠡ᠃ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ᠂ ᠠᠵᠢᠯᠲᠠᠳ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠦᠢᠯᠡᠳᠦᠯ ᠳᠤ ᠨᠡᠩ ᠭᠦᠨᠵᠡᠭᠡᠢ ᠲᠠᠨᠢᠯᠲᠠ ᠲᠠᠢ ᠪᠣᠯᠪᠠ᠃      ᠲᠣᠰ ᠤᠳᠠᠭᠠᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠵᠤ ᠠᠬᠤᠶᠢᠯᠠᠯ ᠪᠠ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠠᠵᠤ ᠠᠬᠤᠶᠢᠯᠠᠯ ᠬᠢᠭᠡᠳ ᠵᠠᠰᠠᠭ ᠤᠨ ᠣᠷᠳᠣᠨ᠂ ᠠᠵᠤ ᠠᠬᠤᠶᠢᠯᠠᠯ ᠬᠢᠭᠡᠳ ᠨᠡᠶᠢᠭᠡᠮ ᠤᠨ ᠬᠤᠭᠤᠷᠣᠨᠳᠣᠬᠢ ᠨᠡᠪᠲᠡᠷᠡᠯᠴᠡᠬᠦ ᠬᠥᠭᠦᠷᠭᠡ ᠶᠢ ᠢᠳᠡᠪᠬᠢᠲᠡᠶ ᠪᠠᠷ ᠪᠠᠶᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠨᠠᠩ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号