ᠢᠦᠢ ᠴᠢᠤᠸᠠᠨ ᠲᠣᠭᠤᠷᠢᠭ ︽5.1︾ ᠤ ᠣᠨᠴᠠᠭᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/6
     ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ︽ᠳᠤᠮᠳᠠᠳᠤ ᠶᠢᠨ ᠵᠡᠭᠦᠳᠦ · ᠬᠥᠳᠡᠯᠮᠦᠷᠢ ᠰᠠᠶᠢᠬᠠᠨ — ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠨ ᠨᠠᠮ ᠢᠶᠠᠨ ᠳᠠᠭᠠᠵᠤ  ᠠᠴᠢ ᠶᠢ ᠮᠡᠳᠡᠷᠡᠵᠦ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ — ︽5 · 1︾ ᠤ ᠣᠨᠴᠠᠭᠠᠢ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠬᠠᠷᠢᠶ᠎ᠠ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠥᠯᠥᠭᠡᠯᠡᠭᠴᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠳᠠᠨ ᠠᠵᠢᠯᠴᠢᠨ ᠤ ᠲᠥᠯᠥᠭᠡᠯᠡᠭᠴᠢ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ ᠤ ᠲᠥᠯᠥᠭᠡᠯᠡᠭᠴᠢ᠂ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠳᠤᠮᠳᠠ᠂ ︽ᠢᠦᠢ ᠴᠢᠤᠸᠠᠨ ᠶᠠᠩᠵᠤ · ᠠᠵᠢᠯᠴᠢᠨ ᠤ ᠡᠪᠯᠡᠯ ᠤᠨ ᠢᠯᠡ ᠬᠢᠴᠢᠶᠡᠯ︾ ᠢ ᠨᠡᠪᠲᠡᠷᠡᠭᠦᠯᠵᠦ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠥᠯᠢᠭᠡᠷ᠂ ᠨᠢᠭᠡ ᠹᠷᠠᠮ ᠹᠷᠠᠮ ᠬᠠᠲᠠᠭᠤᠵᠢᠯᠲᠠᠢ ᠲᠡᠮᠡᠴᠡᠭᠰᠡᠨ ᠤᠨ ᠰᠠᠷ᠎ᠠ ᠶᠢ ᠢᠯᠡᠷᠡᠭᠦᠯᠵᠦ᠂ ᠡᠯ᠎ᠡ ᠠᠵᠢᠯ ᠲᠥᠷᠥᠯ ᠤᠨ ᠨᠡᠶᠢᠲᠡᠯᠢᠭ ᠬᠥᠮᠥᠰ᠂ ᠰᠡᠳᠭᠢᠯ ᠬᠥᠳᠡᠯᠭᠡᠮ᠎ᠡ ᠦᠢᠯᠡ ᠶᠠᠪᠤᠳᠠᠯ ᠢ ᠨᠢᠭᠡ ᠨᠢᠭᠡ ᠪᠠᠷ  ᠨᠡᠪᠲᠡᠷᠡᠭᠦᠯᠪᠡ᠃ ︽ᠬᠠᠷᠠᠬᠤ︾᠂ ︽ᠰᠣᠨᠣᠰᠬᠤ︾ ᠶᠢ ᠤᠶᠠᠯᠳᠤᠭᠤᠯᠤᠨ᠂ ᠠᠬᠤᠶ ᠪᠠᠶᠢᠳᠠᠯ ᠳᠤ ᠤᠷᠤᠭᠤᠯᠵᠤ᠂ ᠢᠯᠡ ᠪᠠᠷ ᠬᠢᠴᠢᠶᠡᠯᠯᠡᠬᠦ ᠨᠢ ᠴᠣ ᠰᠢᠨ᠎ᠡ ᠬᠡᠯᠪᠡᠷᠢ ᠶᠢᠨ ᠪᠡᠶ᠎ᠡ ᠪᠠᠷ ᠢᠶᠠᠨ ᠤᠷᠤᠯᠴᠠᠭᠰᠠᠨ ᠰᠡᠳᠬᠢᠯ ᠵᠢᠷᠦᠬᠡ ᠶᠢ ᠳᠤᠭᠳᠤᠯᠤᠭᠤᠯᠤᠮ᠎ᠠ ᠬᠢᠴᠢᠶᠡᠯ ᠤᠨ ᠲᠠᠩᠬᠢᠮ ᠤᠨ ᠣᠶᠢᠯᠠᠭᠠᠯᠲᠠ ᠶᠢ ᠪᠤᠢ ᠪᠣᠯᠭᠠᠵᠤ᠂ ᠪᠠᠭ᠎ᠠ ᠲᠠᠯ᠎ᠠ ᠠᠴᠠ ᠪᠠ ᠪᠣᠳᠠᠲᠤ ᠬᠡᠷᠡᠭ ᠢ ᠳᠡᠯᠭᠡᠬᠦ ᠠᠷᠭ᠎ᠠ ᠮᠠᠶ᠋ᠢᠭ ᠢᠶᠠᠷ ︽ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ︾ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠣᠶ ᠪᠣᠯᠭᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢᠳ ᠲᠤ ᠰᠣᠷᠭᠤᠭ ᠴᠡᠴᠡᠭ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠤ ᠬᠤᠳᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃
     ᠬᠠᠮᠤᠭ ᠰᠡᠭᠦᠯ ᠳᠤ ᠾᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠨᠠᠶᠢᠷᠠᠯ ᠳᠠᠭᠤᠤ ︽ᠲᠠᠭᠤᠨ ᠤᠳᠠᠭᠠᠨ︾ ᠳᠠᠭᠤᠯᠠᠵᠤ᠂ ᠢᠷᠠᠭᠤ ᠰᠠᠶᠢᠬᠠᠨ ᠳᠠᠭᠤᠤ ᠪᠠᠷ ᠢᠶᠠᠨ ᠣᠯᠠᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ︕      ᠡᠨᠡ ᠬᠦ ᠥᠪᠡᠷᠮᠢᠴᠡ ᠣᠨᠴᠠᠯᠢᠭ ᠲᠠᠢ ᠠᠵᠢᠯᠯᠠᠭ᠎ᠠ ᠨᠢ ᠲᠡᠷᠢᠭᠦᠨ ᠤ ᠬᠥᠮᠦᠰ ᠤᠨ ᠦᠢᠯᠡ ᠠᠵᠢᠯᠯᠠᠭ᠎ᠠ ᠶᠢ ᠠᠵᠢᠯᠲᠠᠨ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠵᠠᠶ᠃ ᠬᠤᠶᠢᠰᠢᠳᠠ ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠪᠦᠬᠦ ᠲᠤᠭᠤᠷᠢᠭ ᠤᠨ ᠥᠷᠭᠡᠨ ᠤᠯᠠᠨ ᠠᠵᠢᠯᠳᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ᠂ ᠨᠡᠩ ᠢᠳᠡᠪᠬᠢᠲᠡᠢ ᠣᠪᠣᠷ ᠪᠠᠶᠢᠳᠠᠯ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号