ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠬᠤᠷᠢᠶ᠎ᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/6
     ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠶᠢ ᠰᠤᠷᠤᠯᠴᠠᠨ ᠤᠬᠠᠭᠤᠯᠵᠤ᠂ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠵᠤ᠂ ᠬᠠᠲᠤᠨ ᠭᠤᠤᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠤᠯᠬᠤ ᠶᠢᠨ ᠲᠦᠯᠦᠭᠡ᠂ ᠣᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ᠂ ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠥᠬᠡᠬᠤᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ — ᠵᠣᠣ ᠵᠢᠶᠦ᠋ᠨ ᠮᠦᠽᠧᠢ ᠶᠢᠨ ᠬᠦᠷᠢᠶᠡᠯᠡᠩ ᠳᠤ᠂ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠶᠢᠨ ᠭᠤᠣᠯ ᠰᠡᠳᠦᠪᠲᠦ ᠪᠦᠯᠬᠦᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠡᠷᠬᠢᠯᠡᠵᠡᠢ᠃
     ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ᠂ ᠪᠠᠭᠠᠴᠤᠳ ᠤᠨ ᠠᠵᠢᠯ ᠤᠨ ᠬᠤᠷᠢᠶᠠᠨ ᠤ ᠡᠷᠬᠢᠯᠡᠭᠴᠢ ᠺᠤᠸᠠᠩ ᠰᠢᠶᠤᠤ ᠯᠸᠢ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠤ ᠲᠤᠭ ᠭᠠᠷᠳᠠᠭᠤᠯᠪᠠ᠃
     ᠠᠵᠢᠯᠯᠠᠭ᠎ᠠ ᠶᠢᠨ ᠳᠤᠮᠳᠠ᠂ ᠡᠪᠯᠡᠯ ᠤᠨ ᠭᠡᠰᠢᠭᠦᠨ ᠵᠠᠯᠠᠭᠤᠴᠤᠳ ᠲᠤ ᠬᠠᠲᠤᠨ ᠭᠤᠤᠯ ᠤᠨ ᠲᠡᠦᠬᠡ ᠰᠣᠶᠣᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠡᠪᠯᠡᠯ ᠤᠨ ᠭᠡᠰᠢᠭᠦᠨ ᠵᠠᠯᠠᠭᠤᠴᠤᠳ ᠲᠤ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾  ᠶᠢ ᠲᠠᠶᠢᠯᠪᠤᠷᠢᠯᠠᠨ ᠥᠭᠴᠦ᠂ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠦᠨ ᠵᠢᠯᠣᠭᠤᠳᠴᠤ ᠪᠠᠶᠢᠭᠠᠳ ᠬᠠᠲᠤᠨ ᠭᠤᠤᠯ ᠤᠨ ᠬᠠᠮᠠᠭᠠᠯᠠᠯᠲᠠ ᠪᠠ ᠠᠮᠢ ᠠᠬᠤᠶ ᠶᠢᠨ ᠵᠠᠰᠠᠯᠲᠠ ᠳᠤ ᠢᠳᠡᠪᠬᠢᠲᠡᠶ ᠣᠷᠣᠯᠴᠠᠭᠤᠯᠵᠤ᠂ ᠦᠢᠯᠡᠳᠦᠯᠭᠡᠵᠢᠭᠦᠯᠦᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠪᠯᠡᠯ ᠤᠨ ᠭᠡᠰᠢᠭᠦᠨ ᠵᠠᠯᠠᠭᠤᠴᠤᠳ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠯᠠᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠡᠪᠯᠡᠯ ᠤᠨ ᠭᠡᠰᠢᠭᠦᠨ ᠵᠠᠯᠠᠭᠤᠴᠤᠳ ᠢ ᠦᠷᠭᠦᠯᠵᠢᠯᠡᠨ ᠬᠦᠳᠦᠯᠦᠨ ᠵᠢᠯᠣᠭᠤᠳᠴᠤ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠳᠤ ᠬᠦᠴᠦᠨ ᠨᠡᠮᠡᠷᠢᠯᠡᠵᠦ᠂ ᠠᠮᠢ ᠠᠬᠤᠢ ᠶᠢᠨ ᠬᠠᠮᠠᠭᠠᠯᠠᠯᠲᠠ ᠳᠤ ᠵᠠᠯᠠᠭᠤ ᠨᠠᠰᠤᠨ ᠤ ᠬᠥᠳᠡᠯᠭᠡᠬᠦ ᠬᠦᠴᠦᠨ ᠨᠡᠮᠡᠷᠢᠯᠡᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号