ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠬᠤᠷᠢᠶ᠎ᠠ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠨ ᠢᠷᠡᠭᠡᠳᠦᠢ ᠪᠠᠨ ᠴᠢᠭᠯᠡᠬᠦ︾ 2024 ᠣᠨ ᠤ ᠢᠦᠢ ᠴᠢᠤᠸᠠᠨ ᠲᠣᠭᠤᠷᠢᠭ ᠤᠨ ᠵᠢᠱᠢᠶ᠎ᠡ ᠦᠵᠡᠭᠦᠯᠬᠦ ᠴᠢᠨᠠᠷᠲᠠᠢ ᠡᠪᠯᠡᠯ ᠳᠤ ᠣᠷᠣᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/6
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠡᠪᠯᠡᠯ ᠤᠨ ᠭᠡᠰᠢᠭᠦᠨ ᠤ ᠡᠩᠨᠡᠭᠡ ᠶᠢᠨ ᠲᠡᠷᠢᠭᠦᠨ ᠤ ᠴᠢᠨᠠᠷᠲᠠᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠪᠯᠡᠯ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠡᠪᠯᠡᠯ ᠤᠨ ᠭᠡᠰᠢᠭᠦᠨ ᠤ ᠬᠥᠭᠵᠢᠯᠲᠡ ᠶᠢᠨ ᠲᠡᠰ ᠳᠠᠷᠠᠭᠠᠯᠠᠯ ᠢ ᠵᠢᠷᠤᠮᠵᠢᠭᠤᠯᠬᠤ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ᠂ ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠨ ᠡᠷᠬᠢᠯᠡᠭᠰᠡᠨ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠨ ᠢᠷᠡᠭᠡᠳᠦᠢ ᠪᠠᠨ ᠴᠢᠭᠯᠡᠬᠦ︾ 2024 ᠣᠨ ᠤ ᠢᠦᠢ ᠴᠢᠤᠸᠠᠨ ᠲᠣᠭᠤᠷᠢᠭ ᠤᠨ ᠵᠢᠱᠢᠶ᠎ᠡ ᠦᠵᠡᠭᠦᠯᠬᠦ ᠴᠢᠨᠠᠷᠲᠠᠢ ᠡᠪᠯᠡᠯ ᠳᠤ ᠣᠷᠣᠬᠤ ᠶᠣᠰᠣᠯᠠᠯ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃
     ᠶᠣᠰᠣᠯᠠᠯ ᠨᠢ ︽ᠬᠤᠪᠢᠰᠬᠠᠯᠲᠤ ᠳᠠᠮᠵᠢᠭᠤᠯᠭ᠎ᠠ︾ ᠭᠡᠬᠦ ᠪᠢᠴᠢᠯ ᠡᠪᠯᠡᠯ ᠤᠨ ᠬᠢᠴᠢᠶᠡᠯ ᠤᠨ ᠳᠠᠷᠠᠭ᠎ᠠ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠠᠭᠠᠤ ᠡᠬᠢᠯᠡᠪᠡ᠃
     ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠳᠤ ᠡᠪᠯᠡᠯ ᠤᠨ ᠲᠠᠮᠠᠭ᠎ᠠ᠂ ᠡᠪᠯᠡᠯ ᠤᠨ ᠭᠡᠰᠢᠭᠦᠨ ᠤ ᠦᠨᠡᠮᠯᠡᠯ ᠣᠯᠭᠤᠭᠰᠠᠨ ᠪᠥᠭᠡᠳ ᠡᠪᠯᠡᠯ ᠤᠨ ᠰᠦᠯᠳᠡ ᠵᠡᠭᠦᠪᠡ᠃ ᠬᠡᠬᠦᠳᠡᠭ ᠴᠡᠭᠡᠵᠢᠨ ᠳᠡᠭᠡᠨ ᠵᠡᠭᠦᠭᠰᠡᠨ ᠡᠨᠡ ᠬᠦ ᠡᠪᠯᠡᠯ ᠤᠨ ᠰᠦᠯᠳᠡ ᠪᠠᠷ ᠢᠶᠠᠨ ᠤᠯᠠᠨ ᠢ ᠬᠤᠶᠢᠰᠢᠳᠠ ᠨᠠᠷᠢᠨ ᠬᠢᠨᠠᠮᠠᠭᠠᠢ ᠰᠤᠷᠤᠯᠴᠠᠵᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠥᠪᠡᠷ ᠢ ᠪᠠᠨ ᠬᠠᠷᠢᠭᠤᠯᠵᠤ᠂ ᠡᠬᠡ ᠤᠯᠤᠰ ᠤᠨ ᠬᠥᠭᠵᠢᠯ ᠮᠠᠨᠳᠤᠯ ᠤᠨ ᠲᠥᠯᠥᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ᠂ ᠪᠦᠬᠦ ᠡᠪᠯᠡᠯ ᠤᠨ ᠭᠡᠰᠢᠭᠦᠳ ᠡᠪᠯᠡᠯ ᠤᠨ ᠤᠭ ᠰᠠᠨᠠᠭ᠎ᠠ ᠪᠠᠨ ᠪᠠᠲᠤ ᠰᠠᠬᠢᠵᠤ᠂ ᠡᠪᠯᠡᠯ ᠳᠤ ᠣᠷᠣᠬᠤ ᠲᠠᠩᠭᠠᠷᠢᠭ ᠤᠨ ᠦᠭᠡᠰ ᠢᠶᠠᠨ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠲᠠᠪᠤᠨ ᠵᠢᠱᠢᠶᠡᠴᠢ︾᠂ ︽ᠲᠠᠪᠤᠨ ᠳᠠᠭᠠᠭᠤᠯᠤᠭᠴᠢ︾ ᠶᠢᠨ ᠰᠢᠯᠢᠳᠡᠭ ᠡᠪᠯᠡᠯ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠴᠤᠭ ᠵᠢᠪᠬᠤᠭ᠎ᠠ ᠪᠠᠳᠠᠷᠠᠩᠭᠤᠢ᠂ ᠢᠳᠡᠪᠬᠢᠲᠡᠢ ᠥᠭᠡᠳᠡᠯᠡᠨ ᠲᠠᠪᠰᠢᠬᠤ ᠢᠲᠡᠭᠡᠯ ᠪᠢᠰᠢᠷᠡᠯ ᠪᠣᠯᠤᠨ ᠡᠨᠧᠷᠭᠢ ᠶᠢ ᠨᠡᠩ ᠤᠯᠠᠨ ᠵᠠᠯᠠᠭᠤᠴᠤᠳ ᠲᠤ ᠳᠠᠮᠵᠢᠭᠤᠯᠵᠤ᠂ ᠢᠷᠠᠭᠤ ᠠᠯᠳᠠᠷᠳᠤ ︽ᠡᠪ ᠬᠠᠮᠳᠤ ᠵᠠᠯᠠᠭᠤᠴᠤᠳ ᠤᠨ ᠡᠪᠯᠡᠯ ᠤᠨ ᠭᠡᠰᠢᠭᠦᠨ︾ ᠭᠡᠬᠦ ᠴᠤᠯᠠ ᠶᠢ ᠦᠯᠦ ᠬᠦᠰᠡᠷᠳᠡᠭᠦᠯᠬᠦ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠪᠯᠡᠯ ᠤᠨ ᠲᠤᠭ ᠲᠤ ᠭᠡᠷᠡᠯ ᠭᠢᠯᠪᠠᠭ᠎ᠠ ᠨᠡᠮᠡᠷᠢᠯᠡᠬᠦ ᠶᠢ ᠬᠦᠰᠡᠵᠦ ᠪᠠᠶᠢᠨ᠎ᠠ᠃
     ᠰᠢᠨ᠎ᠡ ᠡᠪᠯᠡᠯ ᠤᠨ ᠭᠡᠰᠢᠭᠦᠨ ᠨᠢ ᠡᠪᠯᠡᠯ ᠤᠨ ᠵᠣᠬᠢᠶᠠᠨ ᠪᠠᠢᠭᠤᠯᠤᠯᠲᠠ ᠳᠤ ᠰᠢᠨ᠎ᠡ ᠰᠣᠷᠭᠤᠭ ᠴᠢᠰᠤ ᠣᠷᠣᠭᠤᠯᠤᠨ ᠥᠭᠴᠦ᠂ ᠰᠢᠨ᠎ᠡ ᠠᠮᠢᠵᠢᠷᠠᠯ ᠤᠨ ᠬᠦᠴᠦᠨ ᠣᠷᠣᠭᠤᠯᠵᠠᠢ᠃ ᠰᠤᠷᠭᠠᠭᠤᠯᠢ ᠳᠤ ᠪᠠᠶᠢᠭ᠎ᠠ ᠡᠪᠯᠡᠯ ᠤᠨ ᠬᠤᠷᠢᠶᠠᠨ ᠤ ᠱᠦᠵᠢ ᠶᠢᠨ ᠳᠠᠭᠠᠭᠤᠯᠭ᠎ᠠ ᠳᠣᠤᠷ᠎ᠠ᠂ ᠰᠢᠨ᠎ᠡ ᠡᠪᠯᠡᠯ ᠤᠨ ᠭᠡᠰᠢᠭᠦᠳ ᠲᠥᠪ ᠴᠢᠩᠭ᠎ᠠ ᠪᠠᠷ ᠲᠠᠩᠭᠠᠷᠢᠭᠯᠠᠪᠠ᠃
     ᠡᠯ᠎ᠡ ᠲᠣᠭᠤᠷᠢᠭ ᠤᠨ ᠬᠠᠷᠢᠶ᠎ᠠ ᠳᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ᠂ 100 ᠭᠠᠷᠤᠢ ᠨᠡᠶᠢᠭᠡᠮ ᠤᠨ ᠬᠦᠷᠢᠶᠡᠨ ᠤ ᠡᠪᠯᠡᠯ ᠤᠨ ᠺᠠᠳ᠋ᠷ ᠵᠢᠴᠢ 500 ᠭᠠᠷᠤᠢ ᠪᠠᠭᠰᠢ ᠰᠤᠷᠤᠭᠴᠢ ᠠᠵᠢᠯᠯᠠᠭ᠎ᠠ ᠳᠤ ᠣᠷᠣᠯᠴᠠᠪᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号