ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
     ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠠᠰᠢᠷᠠᠮ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠬᠦ ᠶᠢᠨ ᠲᠥᠯᠥᠭᠡ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠵᠦ᠂ ᠪᠣᠯᠪᠠᠰᠤᠨ ᠪᠠᠶᠠᠷ ᠤᠨ ᠡᠳᠦᠷ ᠢ ᠪᠡᠯᠭᠡᠯᠡᠪᠡ᠃
     6 ᠳ᠋ᠤᠭᠠᠷ ᠰᠠᠷ᠎ᠠ ᠶᠢᠨ 7 ᠤ ᠦᠳᠡ ᠶᠢᠨ ᠡᠮᠦᠨ᠎ᠡ᠂ ᠰᠢ ᠠᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠤᠷᠢᠶᠠᠯᠠᠯ ᠤᠨ ᠠᠭᠤᠳᠠᠮ ᠲᠠᠯᠠᠪᠠᠢ ᠳᠤ ︽ᠲᠦᠮᠡᠨ ︿ᠽᠦᠩᠽᠢ﹀ ᠰᠡᠳᠬᠢᠯ ᠨᠢᠭᠡᠳᠴᠦ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠥᠩᠭᠡᠲᠦ ᠳᠡᠭᠡᠰᠦ ᠨᠡᠬᠡᠬᠦ᠂ ᠦᠨᠦᠷᠲᠦ ᠤᠭᠤᠲᠠ ᠦᠢᠯᠡᠳᠬᠦ ᠶᠢ ᠵᠢᠭᠠᠪᠠ᠃ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ ᠪᠥᠰ᠂ ᠤᠲᠠᠰᠤ ᠬᠠᠳᠬᠤᠬᠤ᠂ ᠦᠨᠦᠷᠲᠦ ᠡᠳ᠋᠂ ᠵᠡᠭᠦᠦ ᠵᠡᠷᠭᠡ ᠪᠠᠷ ᠦᠨᠦᠷᠲᠦ ᠤᠭᠤᠲᠠ ᠬᠢᠬᠦ ᠳᠤ ᠬᠡᠷᠡᠭᠰᠡᠬᠦ ᠮᠠᠲ᠋ᠧᠷᠢᠶᠠᠯ ᠢ ᠬᠠᠩᠭᠠᠵᠤ᠂ ᠣᠯᠠᠨ ᠢ ᠳᠠᠭᠠᠭᠤᠯᠤᠨ ᠪᠥᠰ ᠬᠠᠶᠢᠴᠢᠯᠠᠬᠤ᠂ ᠬᠥᠪᠥᠩ ᠦᠨᠦᠷᠲᠦ ᠡᠳ᠋ ᠢ ᠪᠦᠭᠯᠡᠬᠦ᠂ ᠠᠮᠠᠰᠠᠷ ᠢ ᠨᠢ ᠪᠦᠭᠯᠡᠬᠦ᠂ ᠣᠶᠣᠬᠤ᠂ ᠲᠣᠷᠭ᠎ᠠ ᠶᠢ ᠤᠶᠠᠵᠤ᠂ ᠬᠠᠮᠤᠭ ᠰᠡᠭᠦᠯ ᠳᠤ᠂ ᠨᠢᠭᠡᠨ ᠭᠤᠶᠤ ᠦᠨᠦᠷᠲᠦ ᠤᠭᠤᠲᠠ ᠣᠯᠠᠨ ᠤ ᠡᠮᠦᠨ᠎ᠡ ᠢᠯᠡᠷᠡᠵᠦ᠂ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠴᠥᠮ ᠪᠠᠶᠠᠷ ᠬᠥᠷ ᠲᠠᠢ ᠪᠠᠶᠢᠯ᠎ᠠ᠃
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠤᠭᠤᠴᠠᠭᠠᠨ ᠳᠤ ᠽᠦᠩᠽᠢ ᠪᠤᠭᠤᠬᠤ ᠶᠠᠪᠤᠴᠠ ᠶᠠᠷᠢᠶᠠᠨ ᠦᠭᠡᠢ ᠳᠤᠲᠠᠭᠳᠠᠵᠤ ᠪᠣᠯᠬᠤ ᠦᠭᠡᠢ᠃ ᠯᠦ ᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠽᠦᠩᠽᠢ ᠪᠤᠭᠤᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠠᠢ ᠬᠠᠮᠲᠤ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢᠶᠠᠨ ᠦᠩᠭᠡᠷᠡᠭᠦᠯᠪᠡ᠃ ᠨᠡᠶᠢᠭᠡᠮ ᠲᠣᠭᠤᠷᠢᠭ ᠤᠨ ᠠᠵᠢᠯᠲᠠᠳ ᠠᠯᠢ ᠡᠷᠲᠡ ᠪᠡᠯᠡᠳᠭᠡᠭᠰᠡᠨ ᠰᠢᠯᠦᠬᠡᠢ ᠪᠤᠳᠠᠭ᠎ᠠ᠂ ᠽᠦᠩᠽᠢ ᠶᠢᠨ ᠨᠠᠪᠴᠢ᠂ ᠤᠯᠠᠭᠠᠨ ᠴᠢᠪᠠᠭ᠎ᠠ ᠵᠡᠷᠭᠡ ᠮᠠᠲ᠋ᠧᠷᠢᠶᠠᠯ ᠢ ᠠᠵᠢᠯᠯᠠᠭᠠᠨ ᠤ ᠠᠬᠤᠢ ᠲᠠᠯᠠᠪᠠᠢ ᠳᠤ ᠤᠷᠢᠳᠴᠢᠯᠠᠨ ᠲᠠᠯᠪᠢᠵᠤ᠂ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠡᠷᠳᠡᠮ ᠴᠢᠳᠠᠪᠤᠷᠢ ᠪᠠᠨ ᠰᠢᠪᠬᠠᠵᠤ᠂ ᠽᠦᠩᠽᠢ ᠶᠢᠨ ᠨᠠᠪᠴᠢ᠂ ᠰᠢᠯᠦᠬᠡᠢ ᠲᠤᠲᠤᠷᠭ᠎ᠠ᠂ ᠤᠯᠠᠭᠠᠨ ᠴᠢᠪᠠᠭ᠎ᠠ᠂ ᠳᠡᠭᠡᠰᠦ ᠤᠶᠠᠬᠤ ᠠᠵᠢᠯᠯᠠᠭ᠎ᠠ ᠶᠢ ᠨᠢᠭᠡ ᠯᠡ ᠠᠮᠢᠰᠬᠤᠭ᠎ᠠ ᠪᠠᠷ ᠪᠦᠲᠦᠭᠡᠵᠦ᠂ ᠡᠯ᠎ᠡ ᠵᠦᠢᠯ ᠤᠨ ᠭᠤᠶᠤ ᠽᠦᠩᠽᠢ ᠶᠢ ᠢᠩᠭᠢᠵᠦ ᠨᠢᠭᠡ ᠨᠢᠭᠡ ᠪᠠᠷ ᠪᠤᠭᠤᠭᠰᠠᠨ ᠪᠠᠶᠢᠨ᠎ᠠ᠃
     ᠡᠭᠦᠨ ᠠᠴᠠ ᠭᠠᠳᠠᠨ᠎ᠠ᠂ ᠤᠨᠳᠤᠷᠤᠯ ᠨᠡᠶᠢᠭᠡᠮ ᠲᠣᠭᠤᠷᠢᠭ᠂ ᠨᠠᠨ ᠶᠤᠸᠠᠨ ᠲᠣᠰᠬᠤᠨ ᠵᠡᠷᠭᠡ ᠲᠣᠰᠬᠤᠨ ᠨᠡᠶᠢᠭᠡᠮ ᠲᠣᠭᠤᠷᠢᠭ ᠴᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠮᠠᠰᠢ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠪᠠ᠃
     ᠲᠣᠰ ᠤᠳᠠᠭᠠᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠪᠠᠷ ᠳᠡᠮᠵᠢᠨ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠠᠢ ᠤᠯᠠᠮ ᠨᠢᠭᠡ ᠠᠯᠬᠤᠮ ᠤᠶᠢᠷᠠᠳᠴᠤ᠂ ᠪᠠᠰᠠ ᠣᠯᠠᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠨᠠᠩ ᠣᠶᠢᠯᠠᠭᠠᠪᠠ᠃ ᠲᠠᠷᠠᠭᠠᠴᠢ ᠶᠢᠨ ᠠᠵᠢᠯ ᠤᠨ ᠳᠤᠮᠳᠠ᠂ ᠵᠡᠭᠡᠯᠢ ᠭᠤᠳᠤᠮᠵᠢ ᠶᠢᠨ ᠬᠢᠨ ᠣᠯᠠᠨ ᠶᠠᠩᠵᠤ ᠶᠢᠨ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠤᠷᠠᠨ ᠰᠠᠶᠢᠬᠠᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠤ ᠠᠮᠢᠳᠤᠷᠠᠯ ᠳᠤ ᠥᠩᠭᠡ ᠪᠤᠳᠤᠭ ᠨᠡᠮᠡᠵᠦ ᠥᠭᠬᠦ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号