ᠶᠠᠩ ᠳ᠋ᠧ ᠵᠢᠶᠧ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2024/6/11
     ᠶᠠᠩ ᠳ᠋ᠧ ᠵᠢᠶᠧ᠂ ᠡᠷᠡᠭᠲᠡᠶ᠂ 1976 ᠣᠨ ᠤ 12 ᠰᠠᠷ᠎ᠠ ᠳᠤ ᠲᠦᠷᠦᠵᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠬᠥᠮᠦᠨ᠂ ᠶᠡᠭᠡ ᠰᠤᠷᠭᠠᠭᠤᠯᠢ ᠶᠢᠨ ᠰᠣᠶᠣᠯ᠂ ᠲᠠᠷᠢᠶᠠᠯᠠᠩ ᠤᠨ ᠳᠡᠯᠭᠡᠷᠡᠭᠦᠯᠦᠯᠲᠡ ᠶᠢᠨ ᠮᠠᠰᠲ᠋ᠧᠷ᠂ 1999 ᠣᠨ ᠤ 3 ᠰᠠᠷ᠎ᠠ ᠳᠤ ᠠᠵᠢᠯ ᠳᠤ ᠭᠠᠷᠴᠤ᠂ 2001 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂  ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃  ᠬᠤᠪᠢᠳᠠᠨ ᠬᠠᠮᠢᠶᠠᠷᠬᠤ ᠠᠵᠢᠯ᠄       ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ᠂ ᠠᠵᠤ ᠠᠬᠤᠶ ᠶᠢᠨ ᠠᠵᠢᠯᠯᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠢ ᠰᠢᠯᠢᠳᠡᠭᠵᠢᠭᠦᠯᠬᠦ᠂ ᠲᠤᠭ᠎ᠠ ᠪᠦᠷᠢᠳᠬᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠲᠤ ᠰᠠᠭᠤᠭ᠎ᠠ ᠬᠤᠳᠠᠯᠳᠤᠭᠠᠨ ᠤ ᠡᠪᠯᠡᠯ᠂ ᠬᠤᠳᠠ ᠬᠥᠳᠡᠭᠡ ᠶᠢᠨ ᠨᠡᠶᠢᠭᠡᠮ ᠤᠨ ᠠᠵᠤ ᠠᠬᠤᠢ ᠶᠢᠨ ᠦᠯᠢᠭᠡᠷ ᠠᠪᠴᠤ ᠪᠠᠶᠢᠴᠠᠭᠠᠬᠤ ᠠᠩᠬᠢ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠲᠠᠢ ᠬᠠᠷᠢᠯᠴᠠᠨ᠎ᠠ᠃ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠳᠠᠭᠠᠭᠠᠴᠢᠯᠠᠨ ᠬᠠᠷᠢᠯᠴᠠᠨ᠎ᠠ᠃
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号