ᠢᠦᠢ ᠴᠢᠤᠸᠠᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠲᠦᠷᠭᠡᠨ ᠠᠬᠢᠭᠤᠯᠵᠤ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2024/6/13
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠭᠦᠸᠧ ᠳ᠋ᠦ᠋ ᠱᠢ ᠶᠤᠸᠠᠨ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠦᠳᠲᠡᠷ ᠲᠦᠷᠭᠡᠨ ᠶᠠᠪᠤᠭᠳᠠᠵᠤ᠂ ᠰᠠᠭᠤᠭᠠᠯᠢ ᠠᠷᠠᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃ ᠣᠶᠢᠯᠠᠭᠠᠭᠰᠠᠨ ᠢᠶᠠᠷ᠂ ᠭᠦᠸᠧ ᠳ᠋ᠦ᠋ ᠱᠢ ᠶᠤᠸᠠᠨ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢᠭᠡᠨᠲᠡ ᠢᠯᠡᠳᠲᠡ ᠠᠬᠢᠴᠠ ᠲᠠᠢ ᠪᠣᠯᠪᠠ᠃ ᠭᠠᠳᠠᠷ ᠬᠠᠨ᠎ᠠ ᠶᠢᠨ ᠰᠢᠷ ᠢ ᠨᠢᠭᠡᠨᠲᠡ ᠲᠦᠷᠬᠢᠵᠦ ᠳᠠᠭᠤᠰᠴᠤ᠂ ᠭᠡᠷ ᠤᠨ ᠣᠷᠣᠢ ᠶᠢᠨ ᠤᠰᠤ ᠰᠡᠷᠭᠡᠶᠢᠯᠡᠬᠦ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠡᠭᠦᠨ ᠤ ᠬᠠᠮᠲᠤ᠂ 3 ᠳ᠋ᠤᠭᠠᠷ ᠨᠣᠮᠧᠷᠲᠤ᠂ 4 ᠳ᠋ᠤᠭᠡᠷ ᠨᠣᠮᠧᠷᠲᠤ ᠠᠰᠠᠷ ᠤᠨ ᠲᠦᠭᠡᠭᠡᠯ ᠤᠰᠤᠨ ᠤ ᠬᠤᠭᠤᠯᠠᠶ ᠪᠠ ᠳᠤᠯᠠᠭᠠᠯᠠᠭ᠎ᠠ ᠶᠢᠨ ᠬᠤᠭᠤᠯᠠᠶ ᠶᠢ ᠴᠦ ᠨᠢᠭᠡᠨᠲᠡ ᠪᠦᠬᠦᠨ ᠢ ᠰᠣᠯᠢᠵᠤ ᠳᠠᠭᠤᠰᠬᠠᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠪᠠ ᠳᠤᠯᠠᠭᠠᠯᠠᠭ᠎ᠠ ᠶᠢᠨ ᠠᠮᠤᠷ ᠲᠦᠪᠰᠢᠨ ᠲᠥᠬᠦᠮ ᠨᠥᠬᠦᠴᠡᠯ ᠢ ᠦᠨᠡᠨ ᠬᠦ ᠪᠠᠲᠤᠯᠠᠪᠠ᠃
     ᠣᠳᠣᠬᠠᠨ ᠳᠤ᠂ 1 ᠳ᠋ᠦ᠋ᠭᠡᠷ ᠨᠣᠮᠧᠷᠲᠤ᠂ 2 ᠳ᠋ᠤᠭᠠᠷ ᠨᠣᠮᠧᠷᠲᠤ ᠠᠰᠠᠷ ᠤᠨ ᠬᠠᠭᠤᠴᠢᠨ ᠬᠤᠭᠤᠯᠠᠶ ᠶᠢ ᠶᠠᠭ ᠰᠠᠶᠢᠬᠠᠨ ᠨᠤᠷᠠᠭᠠᠵᠤ᠂ ᠬᠤᠶᠢᠰᠢᠳᠠ ᠶᠢᠨ ᠥᠭᠡᠷᠡᠴᠢᠯᠡᠬᠦ ᠠᠵᠢᠯ ᠳᠤ ᠰᠠᠶᠢᠲᠤᠷ ᠪᠡᠯᠡᠳᠬᠡᠯ ᠬᠢᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠠᠷᠢᠯᠭ᠎ᠠ ᠶᠢᠨ ᠠᠵᠢᠯ ᠳᠤ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠤᠷᠤᠴᠠᠲᠤ ᠠᠰᠠᠷ ᠤᠨ ᠡᠭᠦᠳᠡ ᠶᠢ ᠰᠣᠯᠢᠬᠤ᠂ ᠠᠰᠠᠷ ᠤᠨ ᠬᠤᠩᠭᠢᠯ ᠤᠨ ᠢᠯᠢᠶᠡᠰᠦ ᠰᠢᠪᠠᠭ᠋ᠤ ᠪᠠ ᠡᠯᠭᠦᠭᠡ ᠤᠲᠠᠰᠤ ᠶᠢ ᠭᠠᠵᠠᠷ ᠲᠤ ᠣᠷᠣᠭᠤᠯᠬᠤ ᠵᠡᠷᠭᠡ ᠶᠢ ᠪᠠᠭᠲᠠᠭᠠᠨ᠎ᠠ᠃ ᠡᠲᠡᠭᠡᠷ ᠢᠨᠵᠧᠨᠧᠷᠢᠩ ᠢ ᠬᠡᠷᠡᠭᠵᠢᠭᠦᠯᠦᠭᠰᠡᠨ ᠨᠢ ᠬᠤᠷᠢᠶᠠᠯᠠᠯ ᠤᠨ ᠣᠷᠴᠢᠨ ᠲᠣᠭᠤᠷᠢᠨ ᠤ ᠶᠠᠰᠤ ᠴᠢᠨᠠᠷ ᠪᠠ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃
     ᠡᠨᠡ ᠬᠦ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠰᠠᠭᠤᠭᠠᠯᠢ ᠠᠷᠠᠳ ᠳ᠋ᠠᠩ ᠠᠪᠤᠭᠠᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠲᠡᠷᠡ᠄ ︽ᠡᠨᠡ ᠤᠳᠠᠭ᠎ᠠ ᠶᠢᠨ ᠥᠭᠡᠷᠡᠴᠢᠯᠡᠯᠲᠡ ᠶᠢᠨ ᠠᠬᠢᠴᠠ ᠮᠠᠰᠢ ᠲᠦᠷᠭᠡᠨ ᠪᠠᠶᠢᠵᠤ᠂ ᠪᠢᠳᠡ ᠢᠯᠡᠳᠲᠡ ᠬᠤᠪᠢᠷᠠᠯᠲᠠ ᠶᠢ ᠣᠯᠵᠤ ᠬᠠᠷᠠᠨ᠎ᠠ᠃ ᠣᠳᠣ ᠬᠤᠷᠢᠶᠠᠯᠠᠯ ᠤᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠮᠠᠨ ᠤ ᠣᠷᠣᠨ ᠰᠠᠭᠤᠴᠠ ᠶᠢᠨ ᠨᠥᠬᠦᠴᠡᠯ ᠴᠦ ᠲᠣᠩ ᠶᠡᠭᠡ ᠪᠠᠷ ᠰᠠᠶᠢᠵᠢᠷᠠᠪᠠ᠃ ᠵᠠᠰᠠᠭ ᠤᠨ ᠣᠷᠳᠣᠨ ᠪᠠ ᠪᠠᠷᠢᠯᠭ᠎ᠠ ᠶᠢᠨ ᠲᠠᠯ᠎ᠠ ᠶᠢᠨ ᠬᠢᠨ ᠮᠠᠨ ᠤ ᠰᠠᠭᠤᠭᠠᠯᠢ ᠠᠷᠠᠳ ᠲᠤ ᠡᠶᠢᠮᠦ ᠤᠯᠠᠨ ᠪᠣᠳᠠᠲᠤ ᠶᠠᠪᠤᠳᠠᠯ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃      ᠪᠠᠷᠢᠯᠭ᠎ᠠ ᠶᠢᠨ ᠲᠠᠯ᠎ᠠ ᠶᠢᠨ ᠥᠪᠥᠷ ᠮᠣᠩᠭᠤᠯ ᠤᠨ ᠢ ᠶᠠᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠠᠵᠢᠯᠲᠠᠨ ᠵᠣᠣ ᠯᠢᠶᠠᠩ ᠪᠠᠰᠠ ᠢᠯᠡᠷᠬᠡᠶᠢᠯᠡᠬᠦ ᠳᠡᠭᠡᠨ᠂ ᠲᠠᠳᠠ ︽ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ ᠭᠡᠵᠡᠶ᠃ ᠡᠭᠦᠨ ᠤ ᠬᠠᠮᠲᠤ᠂ ᠲᠡᠳᠡ ᠪᠠᠰᠠ ᠰᠠᠭᠤᠭᠠᠯᠢ ᠠᠷᠠᠳ ᠤᠨ ᠬᠡᠷᠡᠭᠴᠡᠭᠡ ᠪᠣᠯᠤᠨ ᠰᠠᠨᠠᠯ ᠢ ᠭᠦᠢᠴᠡᠳ ᠪᠣᠳᠣᠯᠬᠢᠯᠠᠵᠤ᠂ ᠥᠭᠡᠷᠡᠴᠢᠯᠡᠨ ᠰᠠᠶᠢᠵᠢᠷᠠᠭᠤᠯᠬᠤ ᠲᠥᠰᠦᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠰᠠᠭᠤᠭᠠᠯᠢ ᠠᠷᠠᠳ ᠤᠨ ᠬᠡᠷᠡᠭᠴᠡᠭᠡ ᠪᠣᠯᠤᠨ ᠬᠦᠰᠡᠯ ᠡᠷᠡᠮᠡᠯᠵᠡᠯ ᠢ ᠦᠨᠡᠨᠬᠦ ᠬᠠᠩᠭᠠᠬᠤ ᠶᠢ ᠪᠠᠲᠤᠯᠠᠬᠤ ᠪᠣᠯᠤᠨ᠎ᠠ᠃      ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠭᠦᠸᠧ ᠳ᠋ᠦ᠋ ᠱᠢ ᠶᠤᠸᠠᠨ ᠰᠠᠭᠤᠭᠠᠯᠢ ᠠᠷᠠᠳ ᠤᠨ ᠬᠤᠷᠢᠶᠠᠯᠠᠯ ᠤᠨ ᠣᠷᠴᠢᠨ ᠲᠣᠭᠤᠷᠢᠨ ᠤ ᠶᠠᠰᠤ ᠴᠢᠨᠠᠷ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠤᠯᠠᠮ ᠨᠢᠭᠡ ᠠᠯᠬᠤᠮ ᠳᠡᠭᠡᠭᠰᠢᠯᠡᠬᠦ ᠪᠣᠯᠤᠨ᠎ᠠ᠃ ᠤᠳᠠᠯ ᠦᠭᠡᠢ ᠡᠨᠡ ᠬᠤᠷᠢᠶᠠᠯᠠᠯ ᠰᠢᠨ᠎ᠡ ᠠᠮᠢᠵᠢᠷᠠᠯ ᠤᠨ ᠬᠦᠴᠦᠨ ᠲᠠᠢ ᠪᠣᠯᠬᠤ ᠶᠢ ᠢᠲᠡᠭᠡᠵᠦ ᠪᠠᠶᠢᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号