ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2024/6/13
ᠨᠢᠭᠡ᠂ ᠭᠤᠤᠯ ᠡᠭᠦᠷᠭᠡ ᠴᠢᠳᠠᠮᠵᠢ      ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ 2008 ᠣᠨ ᠤ 8 ᠰᠠᠷ᠎ᠠ ᠳᠤ ᠪᠠᠶᠢᠭᠤᠯᠤᠭᠳᠠᠵᠤ᠂ ᠶᠡᠷᠦᠩᠬᠡᠶᠢᠯᠡᠭᠰᠡᠨ ᠠᠯᠪᠠᠨ ᠬᠡᠷ᠂ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠠᠰᠤᠭ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠰᠤᠭ ᠲᠠᠢ᠂ ᠣᠲᠣ ᠣᠷᠣᠨ ᠲᠤᠭ᠎ᠠ ᠨᠢ 29 ᠪᠠᠶᠢᠵᠤ᠂ ᠪᠣᠳᠠᠲᠠᠶ ᠪᠠᠶᠢᠭ᠎ᠠ ᠬᠥᠮᠦᠨ ᠤ ᠲᠤᠭ᠎ᠠ ᠨᠢ 30 ᠪᠠᠶᠢᠨ᠎ᠠ᠃      ᠨᠢᠭᠡ᠂ ᠭᠤᠣᠯ ᠬᠠᠷᠢᠭᠤᠴᠠᠬᠤ ᠣᠷᠣᠨ ᠪᠦᠰᠡ᠄ ᠶᠡᠭᠡ ᠵᠤᠤ ᠠᠭᠤᠳᠠᠮ ᠲᠠᠯᠠᠪᠠᠢ᠂ ᠰᠢ ᠵᠢᠶᠠ ᠳ᠋ᠤᠤ ᠶᠠᠪᠠᠭᠠᠨ ᠵᠡᠭᠡᠯᠢ᠂  ᠪᠤᠭᠤᠮᠲᠠ ᠶᠢᠨ ᠬᠠᠭᠤᠴᠢᠨ ᠵᠡᠭᠡᠯᠢ᠂ ᠲᠦᠩ ᠱᠦᠨ ᠶᠡᠭᠡ ᠭᠤᠳᠤᠮᠵᠢ᠂ ᠶᠡᠭᠡ ᠵᠤᠤ ᠡᠮᠦᠨ᠎ᠡ ᠵᠡᠭᠡᠯᠢ᠂ ᠴᠠᠢ ᠶᠢᠨ ᠵᠠᠬ᠎ᠠ ᠳᠡᠯᠭᠡᠭᠦᠷ᠂ ᠠᠯᠳᠠᠨ ᠬᠠᠨ ᠠᠭᠤᠳᠠᠮ ᠲᠠᠯᠠᠪᠠᠢ᠂ ᠰᠢᠷᠡᠭᠡᠲᠦ ᠵᠤᠤ ᠠᠭᠤᠳᠠᠮ ᠲᠠᠯᠠᠪᠠᠢ᠂ ᠲᠠᠪᠤᠨ ᠰᠤᠪᠤᠷᠭᠠᠲᠤ ᠰᠦᠮ᠎ᠡ ᠶᠢᠨ ᠠᠭᠤᠳᠠᠮ ᠲᠠᠯᠠᠪᠠᠢ᠂ ᠬᠤᠮᠰᠢᠮ ᠪᠣᠳᠢᠰᠠᠳ᠋ᠸ᠎ᠠ ᠶᠢᠨ ᠰᠦᠮ᠎ᠡ ᠶᠢᠨ ᠠᠭᠤᠳᠠᠮ ᠲᠠᠯᠠᠪᠠᠢ᠂ ᠢᠦᠢ ᠴᠢᠤᠸᠠᠨ ᠴᠡᠴᠡᠷᠯᠢᠭ᠂ ᠳ᠋ᠡ ᠱᠧᠩ ᠺᠦᠢ ᠡᠮᠦᠨ᠎ᠡ ᠲᠣᠭᠤᠷᠢᠭ᠃ ᠬᠤᠶᠠᠷ᠂ ᠳᠣᠲᠣᠭᠠᠳᠤ ᠪᠠᠶᠢᠭᠤᠯᠤᠮᠵᠢ      1. ᠶᠡᠷᠦᠩᠬᠡᠶᠢᠯᠡᠭᠰᠡᠨ ᠠᠯᠪᠠᠨ ᠬᠡᠷ    ᠠᠵᠢᠯ ᠤᠨ ᠡᠭᠦᠷᠭᠡ ᠬᠠᠷᠢᠭᠤᠴᠠᠯᠭ᠎ᠠ᠄ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠤᠨ ᠠᠵᠢᠯᠴᠢᠨ ᠤ ᠡᠪᠯᠡᠯ ᠵᠡᠷᠭᠡ ᠡᠳᠦᠷ ᠲᠤᠲᠤᠮ ᠤᠨ ᠬᠡᠷᠡᠭ ᠶᠠᠪᠤᠳᠠᠯ ᠢ ᠪᠥᠬᠦ ᠲᠠᠯ᠎ᠠ ᠪᠠᠷ ᠬᠠᠷᠢᠭᠤᠴᠠᠬᠤ ᠵᠢᠴᠢ ᠡᠯ᠎ᠡ ᠲᠠᠰᠤᠭ ᠤᠨ ᠠᠵᠢᠯ ᠢ ᠵᠣᠬᠢᠴᠠᠭᠤᠯᠤᠨ᠎ᠠ᠃      2. ᠰᠠᠭᠤᠷᠢ ᠪᠥᠳᠥᠭᠡᠨ ᠪᠠᠶᠢᠭᠤᠯᠤᠯᠲᠠ ᠶᠢᠨ ᠲᠠᠰᠤᠭ      ᠠᠵᠢᠯ ᠤᠨ ᠡᠭᠦᠷᠭᠡ ᠬᠠᠷᠢᠭᠤᠴᠠᠯᠭ᠎ᠠ᠄ ᠦᠵᠡᠮᠵᠢ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠵᠢᠴᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠵᠢᠴᠢ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃      3.ᠠᠳᠠᠯ ᠠᠬᠤᠶ ᠶᠢᠨ ᠲᠠᠰᠤᠭ      ᠠᠵᠢᠯ ᠤᠨ ᠡᠭᠦᠷᠭᠡ ᠬᠠᠷᠢᠭᠤᠴᠠᠯᠭ᠎ᠠ᠄ ᠦᠵᠡᠮᠵᠢ ᠶᠢᠨ ᠣᠷᠣᠨ ᠤ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃ᠭᠤᠷᠪᠠ᠂ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ᠄ ᠦᠵᠡᠮᠵᠢ ᠶᠢᠨ ᠣᠷᠣᠨ ᠤ ᠬᠡᠪᠴᠢᠶᠡᠨ ᠳᠠᠬᠢ 20 ᠲᠦᠮᠡᠨ ᠲᠡᠭᠰᠢ ᠳᠥᠷᠪᠡᠯᠵᠢᠨ ᠮᠧᠲᠷ ᠤᠨ ᠬᠤᠲᠠ ᠶᠢᠨ ᠳᠦᠷᠰᠦ ᠪᠠᠶᠢᠳᠠᠯ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ ᠪᠠ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ︔ ᠵᠣᠬᠢᠴᠠᠭᠤᠯᠬᠤ ᠣᠷᠣᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠣᠶᠣᠯ ᠤᠨ ᠪᠠᠶᠢᠭᠤᠯᠤᠯᠲᠠ ᠵᠢᠴᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃      ᠠᠵᠢᠯᠯᠠᠬᠤ ᠬᠠᠶ᠋ᠢᠭ᠄ ᠠᠯᠳᠠᠨ ᠬᠠᠨ ᠲᠠᠯᠠᠪᠠᠶ ᠶᠢᠨ ᠪᠠᠷᠠᠭᠤᠨ ᠡᠮᠦᠨ᠎ᠡ ᠥᠨᠴᠥᠭ      ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471— 6314074      ᠬᠠᠷᠢᠭᠤᠴᠠᠯᠭ᠎ᠠ ᠡᠭᠦᠷᠭᠡᠯᠡᠭᠴᠢ᠄ ᠵᠢᠶᠠ ᠰᠢᠶᠤᠤ ᠹᠸᠢ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号