ᠸᠧᠨ ᠶᠠᠨ᠂ ᠡᠮᠡᠭᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | 1981 ᠣᠨ ᠤ 10 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠬᠥᠮᠦᠨ᠂ | ᠠᠰᠫᠢᠷᠠᠨᠲ ᠤᠨ ᠰᠤᠶᠤᠯ ᠤᠨ ᠬᠢᠷᠢ ᠬᠡᠮᠵᠢᠶ᠎ᠡ ᠲᠠᠢ᠂ 2005 ᠣᠨ ᠤ 7 ᠰᠠᠷ᠎ᠠ ᠳᠤ ᠠᠵᠢᠯ ᠳᠤ ᠭᠠᠷᠴᠠᠢ᠂ ᠢᠦᠢ | ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠳᠠᠷᠤᠭ᠎ᠠ᠃ | | ᠬᠤᠪᠢᠳᠠᠨ ᠬᠠᠮᠢᠶᠠᠷᠬᠤ ᠠᠵᠢᠯ᠄ | ᠲᠣᠭᠤᠷᠢᠭ ᠤᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ᠂ ᠦᠨᠳᠦᠰᠦᠲᠡᠨ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠣᠷᠣᠨ ᠨᠤᠲᠤᠭ ᠤᠨ | ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠤᠨ ᠵᠠᠰᠠᠬᠤ ᠠᠯᠪᠠᠨ ᠬᠡᠷ ᠢ ᠬᠤᠪᠢᠳᠠᠨ | ᠬᠠᠮᠢᠶᠠᠷᠤᠨ᠎ᠠ᠃ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠦᠪᠯᠡᠯ ᠲᠠᠢ ᠬᠠᠷᠢᠯᠴᠠᠵᠤ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠦᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ | ᠵᠦᠪᠯᠡᠯ᠂ ᠠᠵᠢᠯᠴᠢᠨ ᠤ ᠶᠡᠷᠦᠩᠬᠡᠶ ᠡᠪᠯᠡᠯ᠂ ᠲᠣᠭᠤᠷᠢᠭ ᠤᠨ ᠳᠠᠩᠰᠠ ᠡᠪᠬᠡᠮᠡᠯ ᠤᠨ ᠣᠷᠳᠣᠨ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠨᠢᠭᠦᠯᠡᠰᠦᠩᠭᠦᠶ ᠶᠢᠨ ᠶᠡᠷᠦᠩᠬᠡᠶ ᠡᠪᠯᠡᠯ ᠲᠠᠢ ᠬᠠᠷᠢᠯᠴᠠᠨ᠎ᠠ᠃ | | ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |