ᠶᠠᠩ ᠰᠢᠶᠤᠤ ᠵᠢᠶᠦ᠋ᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠤᠷᠳᠤᠨ ᠤ ᠲᠡᠳ᠋ ᠳᠠᠷᠤᠭ᠎ᠠ
ᠨᠡᠶᠢᠲᠡᠯᠡᠭᠰᠡᠨ ᠴᠠᠭ᠄
2024/6/17
     ᠶᠠᠩ ᠰᠢᠶᠤᠤ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 9 ᠳ᠋ᠤᠭᠡᠷ ᠰᠠᠷ᠎ᠠ ᠳᠤ ᠳᠦᠷᠦᠵᠡᠶ᠂ ᠠᠰᠫᠢᠷᠠᠨᠲ ᠤᠨ ᠰᠣᠶᠣᠯ ᠤᠨ ᠬᠢᠷᠢ ᠬᠡᠮᠵᠢᠶ᠎ᠡ ᠲᠠᠢ᠂ 2004 ᠣᠨ ᠤ 4 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠤ᠂ 2009 ᠣᠨ ᠤ 8 ᠳ᠋ᠤᠭᠠᠷ ᠰᠠᠷ᠎ᠠ ᠳᠤ ᠠᠵᠢᠯ ᠳᠤ ᠭᠠᠷᠴᠠᠢ᠂ ᠣᠲᠣ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃    ᠬᠤᠪᠢᠳᠠᠨ ᠬᠠᠮᠢᠶᠠᠷᠬᠤ ᠠᠵᠢᠯ᠄      ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ᠂ ᠲᠣᠮᠣ ᠳ᠋ᠠᠶᠢᠲ᠋ᠠ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ︶᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠲᠥᠪ᠃ ᠬᠠᠷᠢᠯᠴᠠᠬᠤ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号