ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠪᠣᠳᠠᠲᠤ ᠲᠡᠮᠳᠡᠭᠯᠡᠯ᠄ ᠬᠤᠶᠠᠷ ᠱᠠᠲᠤᠨ ᠤ ᠣᠷᠣᠯᠠᠨ ᠭᠦᠢᠴᠡᠳᠬᠡᠬᠦ ᠨᠢ ᠭᠡᠷ ᠪᠠᠶᠢᠰᠢᠩ ᠤᠨ ᠭᠡᠷᠡᠴᠢ ᠶᠢ ᠭᠦᠢᠴᠡᠳᠭᠡᠬᠦ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/6/17
     ᠢᠦᠢ ᠴᠢᠣᠸᠠᠨ ᠲᠣᠭᠤᠷᠢᠭ ᠲᠤ᠂ ᠡᠶᠢᠮᠦ ᠨᠢᠭᠡ ᠪᠦᠯᠦᠭ ᠬᠥᠮᠦᠰ ᠪᠤᠢ᠂ ᠲᠡᠳᠡ ᠲᠠᠷᠢᠶᠠᠨ ᠦᠵᠦᠭᠦᠷ ᠢᠶᠠᠷ ᠶᠠᠪᠤᠵᠤ᠂ ᠵᠡᠭᠡᠯᠢ ᠭᠤᠳᠤᠮᠵᠢ ᠪᠠᠷ ᠰᠦᠯᠵᠢᠯᠳᠦᠵᠦ᠂ ᠲᠦᠭ ᠲᠦᠮᠡᠨ ᠠᠶᠢᠯ ᠡᠷᠦᠬᠡ ᠪᠠᠷ ᠬᠦᠷ ᠬᠥᠭᠵᠢᠶᠡᠨ ᠲᠠᠢ ᠪᠠᠶᠢᠯ᠎ᠠ᠃ ᠲᠡᠳᠡ ᠪᠣᠯ ᠬᠠᠤᠯᠢ ᠴᠠᠭᠠᠵᠠ ᠬᠠᠤᠯᠢ ᠲᠣᠭᠲᠠᠭᠠᠯ ᠤᠨ ︽ᠤᠬᠠᠭᠤᠯᠤᠭᠴᠢ︾᠂ ᠵᠥᠷᠢᠴᠡᠯ ᠵᠢᠭᠤᠷᠠᠯᠳᠤᠭᠠᠨ ᠢ ︽ᠰᠢᠢᠳᠪᠦᠷᠢᠯᠡᠭᠴᠢ︾ ᠪᠣᠯᠬᠤ ᠪᠥᠭᠡᠳ ᠪᠠᠰᠠ ᠴᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ︽ᠳᠠᠮᠵᠢᠭᠤᠯᠤᠭᠴᠢ︾᠂ ᠲᠡᠳᠡᠨ ᠤ ᠬᠠᠮᠲᠤ ᠶᠢᠨ ᠨᠡᠷ᠎ᠡ — ︽ᠣᠷᠣᠯᠠᠨ ᠭᠦᠢᠴᠡᠳᠬᠡᠭᠴᠢ︾ ᠪᠠᠶᠢᠳᠠᠭ᠃ ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ ᠢᠦᠢ ᠴᠢᠤᠸᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ︽ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠠᠵᠢᠯ ᠤᠨ ᠪᠣᠳᠠᠲᠤ ᠲᠡᠮᠳᠡᠭᠯᠡᠯ︾ ᠤᠨ ᠰᠢᠷᠢᠰ ᠣᠬᠤᠷ ᠹᠢᠯᠢᠮ ᠭᠠᠷᠭᠠᠵᠤ᠂ ᠪᠢᠳᠡ ᠰᠡᠭᠦᠳᠡᠷᠯᠡᠬᠦ ᠮᠠᠰᠢᠨ ᠢᠶᠠᠷ ᠳᠠᠮᠵᠢᠨ ᠣᠷᠣᠯᠠᠨ ᠭᠦᠢᠴᠡᠳᠭᠡᠭᠴᠢ ᠶᠢᠨ ᠠᠵᠢᠯ ᠤᠨ ᠡᠳᠦᠷ ᠳᠣᠳᠣᠮ ᠤᠨ ᠦᠨᠡᠨ ᠪᠣᠳᠠᠲᠠᠢ ᠪᠥᠭᠡᠳ ᠳᠤᠯᠠᠭᠠᠨ ᠴᠠᠭ ᠮᠥᠴᠡ ᠶᠢ ᠦᠵᠡᠶ᠎ᠡ᠃      ᠢᠦᠢ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠢ ᠵᠢᠩ ᠼᠦᠢ ᠬᠤᠸᠠ ᠯᠢᠨ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠯᠢᠦ ᠳ᠋ᠧ ᠢ ᠨᠠᠰᠤᠲᠠᠨ ᠭᠡᠷ ᠪᠠᠶᠢᠰᠢᠩ ᠤᠨ ᠭᠡᠷᠡᠴᠢ ᠪᠠᠨ ᠭᠦᠢᠴᠡᠳᠭᠡᠬᠦ ᠠᠰᠠᠭᠤᠳᠠᠯ ᠳᠤ ᠭᠠᠴᠢᠭᠳᠠᠵᠤ ᠪᠠᠶᠢᠨ᠎ᠠ᠃ ᠨᠡᠶᠢᠭᠡᠮ ᠲᠣᠭᠤᠷᠢᠭ ᠤᠨ ᠱᠦᠵᠢ ᠶᠦᠨ ᠳ᠋ᠦᠩ ᠳ᠋ᠦᠩ ᠨᠠᠰᠤᠲᠠᠨ ᠤ ᠬᠦᠴᠢᠷᠳᠡᠯ ᠢ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠲᠤᠰ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠭᠡᠪᠡ᠃ ᠨᠠᠷᠢᠯᠢᠭ ᠪᠠᠶᠢᠴᠠᠭᠠᠨ ᠣᠶᠢᠯᠠᠭᠠᠭᠰᠠᠨ ᠢᠶᠠᠷ᠂ ᠯᠢᠦ ᠳ᠋ᠧ ᠢ ᠨᠠᠰᠤᠲᠠᠨ ᠤ ᠪᠠᠶᠢᠳᠠᠯ ᠲᠠᠢ ᠠᠳᠠᠯᠢ ᠪᠠᠰᠠ 11 ᠡᠷᠦᠬᠡ ᠰᠠᠭᠤᠭᠠᠯᠢ ᠠᠷᠠᠳ ᠪᠠᠶᠢᠵᠤ᠂ ᠲᠣᠰ ᠬᠡᠷᠡᠭ ᠶᠠᠪᠤᠳᠠᠯ ᠤᠨ ᠴᠠᠭ ᠤᠨ ᠠᠯᠭᠠᠰᠠᠯ ᠨᠢ ᠣᠷᠳᠣ᠂ ᠣᠯᠠᠨ ᠨᠢᠭᠡᠴᠢ ᠰᠠᠯᠠᠭ᠎ᠠ ᠮᠥᠴᠢᠷ ᠲᠠᠢ ᠬᠤᠯᠪᠣᠭᠳᠠᠵᠤ᠂ ᠵᠣᠬᠢᠴᠠᠭᠤᠯᠬᠤ ᠳᠤ ᠨᠡᠯᠢᠶᠡᠳ ᠬᠦᠴᠢᠷᠲᠡᠶ ᠪᠠᠶᠢᠨ᠎ᠠ᠃ ︽ᠢᠦᠢ ᠴᠢᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠬᠢᠨ ᠡᠨᠡᠬᠦ ᠤᠴᠢᠷ ᠶᠠᠪᠤᠳᠠᠯ ᠢ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠳᠤ ᠳᠡᠰ ᠦᠰᠭᠡᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠤᠤ ᠸᠧᠨ ᠭᠠᠩ ᠪᠡᠶ᠎ᠡ ᠪᠠᠷ ᠢᠶᠠᠨ ᠣᠷᠣᠯᠠᠨ ᠭᠦᠢᠴᠡᠳᠬᠡᠪᠡ᠃ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ᠂ ᠤᠤᠯ ᠤᠨ ᠲᠠᠲᠠᠪᠤᠷᠢᠯᠠᠭᠰᠠᠨ ᠨᠢᠭᠡᠴᠢ ᠵᠡᠷᠭᠡ ᠰᠠᠯᠠᠭ᠎ᠠ ᠮᠥᠴᠢᠷ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠨᠡᠪᠲᠡᠷᠡᠯᠴᠡᠨ ᠵᠣᠬᠢᠴᠠᠭᠤᠯᠵᠤ᠂ ᠭᠡᠷ ᠪᠠᠶᠢᠰᠢᠩ ᠤᠨ ᠭᠡᠷᠡᠴᠢ ᠶᠢ ᠭᠦᠢᠴᠡᠳᠭᠡᠬᠦ ᠠᠷᠭ᠎ᠠ ᠵᠠᠮ ᠢ ᠳᠠᠬᠢᠨ ᠳᠠᠪᠲᠠᠨ ᠰᠤᠳᠤᠯᠤᠨ ᠶᠠᠷᠢᠯᠴᠠᠪᠠ᠃ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠬᠦ ᠶᠢ ᠳᠠᠭᠠᠯᠳᠤᠨ᠂ ᠭᠡᠷ ᠪᠠᠶᠢᠰᠢᠩ ᠤᠨ ᠭᠡᠷᠡᠴᠢ ᠶᠢ ᠭᠦᠢᠴᠡᠳᠭᠡᠬᠦ ᠳᠤ ᠪᠡᠷᠬᠡ ᠠᠰᠠᠭᠤᠳᠠᠯ ᠢ ᠡᠴᠦᠰ ᠲᠡᠭᠡᠨ ᠲᠡᠭᠦᠰ ᠠᠮᠵᠢᠯᠲᠠ ᠲᠠᠢ ᠰᠢᠢᠳᠪᠦᠷᠢᠯᠡᠵᠦ᠂ ᠬᠠᠨᠤᠮᠵᠢᠲᠠᠶ ᠢᠨᠢᠶᠡᠮᠰᠦᠭᠯᠡᠯ ᠨᠠᠰᠤᠲᠠᠨ ᠤ ᠬᠠᠴᠠᠷ ᠳᠡᠭᠡᠷ᠎ᠡ ᠢᠯᠡᠷᠡᠪᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号