ᠢᠦᠢ ᠴᠢᠤᠸᠠᠨ ᠲᠣᠭᠤᠷᠢᠭ ᠤᠨ ︽ᠥᠭᠡᠳᠡᠯᠡᠨ ᠲᠠᠪᠰᠢᠬᠤ ᠬᠦᠴᠦᠨ ᠴᠢᠳᠠᠯ ᠢ ᠬᠤᠷᠠᠮᠳᠤᠭᠤᠯᠵᠤ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠤ ᠲᠦᠷᠦᠯ ᠵᠦᠢᠯ ᠢ ᠬᠠᠮᠲᠤᠪᠠᠷ ᠪᠤᠶᠢᠵᠢᠭᠤᠯᠬᠤ︾ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠤᠨ ᠲᠤᠬᠠᠢ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/6/18
     ᠢᠦᠢ ᠴᠢᠤᠸᠠᠨ ᠲᠣᠭᠤᠷᠢᠭ ᠤᠨ ᠨᠡᠶᠢᠭᠡᠮ ᠤᠨ ᠠᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠰᠢᠨ᠎ᠡ ᠶᠢ ᠡᠭᠦᠳᠦᠨ ᠠᠬᠢᠭᠤᠯᠬᠤ ᠶᠢᠨ ᠲᠦᠯᠦᠭᠡ᠂ ︽2023 ᠣᠨ ᠳᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠬᠦ ᠲᠥᠷᠥᠯ ᠵᠦᠢᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠬᠥᠬᠡᠬᠤᠲᠠ ᠶᠢᠨ ᠡᠳ᠋ ᠤᠨ ᠵᠠᠰᠠᠭ ᠤᠨ ᠶᠡᠷᠦᠩᠬᠡᠢ ᠵᠢᠭᠠᠯᠲᠠ ᠲᠤᠭ᠎ᠠ ﹇2023﹈ 24 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2023 ᠣᠨ ᠳᠤ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠢᠦᠢ ᠴᠢᠤᠸᠠᠨ ᠲᠣᠭᠤᠷᠢᠭ ᠤᠨ ︽ᠥᠭᠡᠳᠡᠯᠡᠨ ᠲᠠᠪᠰᠢᠬᠤ ᠬᠦᠴᠦᠨ ᠴᠢᠳᠠᠯ ᠢ ᠬᠤᠷᠠᠮᠳᠤᠭᠤᠯᠵᠤ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠤ ᠲᠥᠷᠥᠯ ᠵᠦᠢᠯ ᠢ ᠬᠠᠮᠲᠤᠪᠠᠷ ᠪᠤᠶᠢᠵᠢᠭᠤᠯᠬᠤ︾ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠪᠡᠭᠡᠵᠢᠩ ᠤᠨ ᠲᠦᠩ ᠾᠧ ᠠᠵᠢᠯ ᠲᠦᠷᠦᠯ ᠤᠨ ᠪᠠᠶᠢᠭᠤᠯᠤᠯᠲᠠ ᠶᠢᠨ ᠵᠥᠪᠳᠡᠭᠴᠢ ᠶᠢᠨ ᠦᠢᠯᠡᠴᠢᠯᠡᠭᠡᠨ ᠤ ᠲᠥᠪ ᠤᠨ ᠲᠦᠷᠦᠯ ᠵᠦᠢᠯ ᠤᠨ ᠪᠦᠯᠬᠦᠮ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠢᠦᠢ ᠴᠢᠤᠸᠠᠨ ᠲᠣᠭᠤᠷᠢᠭ ᠤᠨ ︽ᠥᠭᠡᠳᠡᠯᠡᠨ ᠲᠠᠪᠰᠢᠬᠤ ᠬᠦᠴᠦᠨ ᠴᠢᠳᠠᠯ ᠢ ᠬᠤᠷᠠᠮᠳᠤᠭᠤᠯᠵᠤ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠤ ᠲᠦᠷᠦᠯ ᠵᠦᠢᠯ ᠢ ᠬᠠᠮᠲᠤᠪᠠᠷ ᠪᠤᠶᠢᠵᠢᠭᠤᠯᠬᠤ︾ ᠶᠢ ᠪᠣᠢ ᠪᠣᠯᠭᠠᠪᠠ᠃ ᠭᠡᠷ᠎ᠡ ᠶᠢᠨ ᠲᠦᠷᠦᠯ ᠵᠦᠢᠯ ᠤᠨ ᠵᠤᠭᠤᠰ ᠤᠨ ᠲᠤᠭ᠎ᠠ ᠨᠢ ᠨᠡᠶᠢᠲᠡ 1256640 ᠲᠥᠭᠦᠷᠢᠭ᠃ ᠠᠩᠬᠠᠳᠠᠭᠴᠢ ᠪᠡᠯᠡ ᠮᠥᠩᠭᠦ 753984 ᠲᠥᠭᠦᠷᠢᠭ ︵ᠲᠥᠷᠥᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 60%︶᠂ ᠬᠤᠶᠠᠳᠤᠭᠠᠷ ᠪᠦᠯᠦᠭ ᠤᠨ ᠪᠡᠯᠡ ᠮᠥᠩᠭᠦ 251328 ᠲᠥᠭᠦᠷᠢᠭ ︵ᠲᠥᠷᠥᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 20%︶᠂ ᠭᠤᠷᠪᠠᠳᠤᠭᠠᠷ ᠪᠦᠯᠦᠭ ᠤᠨ ᠪᠡᠯᠡ ᠮᠥᠩᠭᠦ 251328 ᠲᠥᠭᠦᠷᠢᠭ ︵ᠲᠥᠷᠥᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 20%︶᠃ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ ᠡᠳᠦᠭᠡ ᠲᠦᠷᠦᠭᠦᠦ ᠪᠦᠯᠦᠭ ᠪᠡᠯᠡ ᠮᠥᠩᠭᠦ 753984 ᠲᠥᠭᠦᠷᠢᠭ ︵ᠲᠥᠷᠥᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 60%︶ ᠰᠠᠯᠭᠠᠨ ᠥᠭᠬᠦ ᠪᠠᠷ ᠭᠤᠶᠤᠴᠢᠯᠠᠵᠤ᠂ ᠡᠳᠦᠭᠡ ᠬᠠᠮᠢᠶ᠎ᠠ ᠪᠦᠬᠦᠢ ᠪᠠᠶᠢᠳᠠᠯ ᠢ ᠨᠡᠶᠢᠲᠡ ᠳᠤ ᠵᠠᠷᠯᠠᠶ᠎ᠠ᠃      ᠵᠠᠷᠯᠠᠨ ᠨᠡᠶᠢᠲᠡᠯᠡᠬᠦ ᠡᠳᠦᠷ᠄ 2024 ᠣᠨ ᠤ 6 ᠳ᠋ᠤᠭᠠᠷ ᠰᠠᠷ᠎ᠠ ᠶᠢᠨ 12 ᠤᠨ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ      ᠬᠢᠨᠠᠯᠲᠠ ᠲᠠᠯᠪᠢᠬᠤ ᠤᠲᠠᠰᠤ᠄ 0471 — 3956928      ᠣᠨᠴᠠᠭᠠᠶᠢᠯᠠᠨ ᠵᠠᠷᠯᠠᠨ ᠨᠡᠶᠢᠲᠡᠯᠡᠪᠡ᠃      ᠢᠦᠢ ᠴᠢᠤᠸᠠᠨ ᠲᠣᠭᠤᠷᠢᠭ ᠤᠨ ᠠᠷᠠᠳ ᠶᠢᠨ ᠶᠠᠪᠤᠳᠠᠯ ᠤᠨ ᠲᠣᠪᠴᠢᠶ᠎ᠠ                      2024 ᠣᠨ ᠤ 6 ᠳ᠋ᠤᠭᠠᠷ ᠰᠠᠷ᠎ᠠ ᠶᠢᠨ 11 ᠤ ᠡᠳᠦᠷ           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号