ᠹᠦ᠋ ᠶᠤᠸᠠᠨ ᠬᠤᠷᠢᠶᠠᠯᠠᠯ ᠤᠨ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢ ᠬᠠᠮᠵᠢᠨ ᠭᠦᠢᠴᠡᠳᠭᠡᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/6/18
ᠬᠥᠬᠡᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠡᠵᠡᠩᠨᠡᠯᠲᠡ ᠶᠢᠨ ᠶᠡᠷᠦᠩᠬᠡᠶ ᠺᠣᠮᠫᠠᠨᠢ ᠶᠢᠨ ᠨᠢᠭᠡᠳᠦᠭᠡᠷ ᠬᠤᠪᠢᠶᠠᠷᠢ ᠺᠣᠮᠫᠠᠨᠢ ᠳᠤ᠄        ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠦᠷᠦᠯ ᠵᠦᠢᠯ ᠤᠨ ᠥᠯᠥ ᠬᠥᠳᠡᠯᠬᠦ  ᠬᠥᠷᠥᠩᠭᠡ ᠶᠢ ᠡᠷᠦᠬᠡ ᠬᠤᠪᠢᠶᠠᠬᠤ ᠠᠵᠢᠯ ᠢ ᠲᠦᠷᠭᠡᠳᠬᠡᠬᠦ ᠲᠤᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠣᠯᠲᠠᠯ᠎ᠠ᠂ ᠲᠠᠨ ᠤ ᠺᠣᠮᠫᠠᠨᠢ ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠹᠦ᠋ ᠶᠤᠸᠠᠨ ᠬᠤᠷᠢᠶᠠᠯᠠᠯ ᠤᠨ ᠲᠦᠷᠦᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠡᠩᠰᠡᠯᠡᠵᠦ ᠰᠢᠢᠳᠪᠦᠷᠢᠯᠡᠬᠦ ᠠᠵᠢᠯ ᠬᠦᠨᠳᠦ ᠨᠣᠴᠢᠲᠠᠶ ᠬᠤᠴᠣᠷᠴᠤ᠂ ᠰᠠᠭᠤᠭᠠᠯᠢ ᠠᠷᠠᠳ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠣᠯᠠᠨᠲᠠ ᠬᠦᠷᠴᠦ ᠳᠡᠭᠡᠭᠰᠢ ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ᠃            ︽ᠲᠣᠭᠲᠠᠭᠠᠭᠰᠠᠨ ᠭᠤᠤᠯ ᠴᠣᠭᠴᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠬᠠᠮᠵᠢᠯᠴᠠᠨ ᠭᠦᠢᠴᠡᠳᠭᠡᠬᠦ ᠲᠤᠬᠠᠶ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 729 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠬᠤ ᠠᠵᠢᠯ ᠢ ᠲᠦᠷᠭᠡᠳᠬᠡᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠨᠥᠬᠦᠪᠥᠷᠢ ᠮᠡᠳᠡᠭᠳᠡᠯ︾ ︵ ﹇2021﹈ 2 — 133︶ ᠤᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ᠄ ︽ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠠᠵᠢᠯ ᠳᠤ ᠬᠠᠮᠵᠢᠯᠴᠠᠬᠤ ᠦᠭᠡᠢ ᠪᠤᠶᠤ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ ᠢᠶᠠᠨ ᠬᠤᠷᠢᠶᠠᠭᠳᠠᠭᠰᠠᠨ ᠠᠴᠠ ᠪᠣᠯᠵᠤ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶  ᠠᠴᠠ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠡᠷᠦᠬᠡ ᠬᠤᠪᠢᠶᠠᠨ ᠳᠠᠩᠰᠠᠯᠠᠭᠤᠯᠤᠨ᠎ᠠ︾᠃            ᠲᠠᠨ ᠤ ᠺᠣᠮᠫᠠᠨᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠪᠥᠬᠦ ᠬᠤᠷᠢᠶᠠᠯᠠᠯ ᠤᠨ ᠥᠮᠴᠢᠲᠡᠨ ᠳᠤ ᠰᠢᠯᠵᠢᠭᠦᠯᠬᠦ ᠳᠡᠩᠰᠡᠯᠡᠯᠲᠡ ᠶᠢᠨ ᠠᠵᠢᠯ ᠢ ᠲᠦᠷᠭᠡᠳᠬᠡᠨ ᠭᠦᠢᠴᠡᠳᠭᠡᠬᠦ ᠶᠢ ᠬᠦᠰᠡᠵᠦ ᠪᠠᠶᠢᠨ᠎ᠠ᠂ ᠬᠤᠭᠤᠴᠠᠭ᠎ᠠ ᠬᠡᠲᠦᠷᠡᠲᠡᠯ᠎ᠡ ᠭᠦᠢᠴᠡᠳᠭᠡᠬᠦ ᠳᠤ ᠬᠠᠮᠵᠢᠯᠴᠠᠬᠤ ᠥᠬᠡᠶ ᠪᠣᠯ ᠴᠠᠩ ᠡᠾᠧ ᠯᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠠᠨ ᠤ ᠺᠣᠮᠫᠠᠨᠢ ᠶᠢ ᠣᠷᠣᠯᠠᠨ ᠭᠤᠶᠤᠴᠢᠯᠠᠬᠤ ᠭᠤᠤᠯ ᠴᠣᠭᠴᠠ ᠶᠢᠨ ᠬᠤᠪᠢ ᠪᠠᠷ ᠰᠢᠯᠵᠢᠭᠦᠯᠬᠦ ᠳᠡᠩᠰᠡᠯᠡᠯᠲᠡ ᠬᠢᠯᠭᠡᠨ᠎ᠡ᠂ ᠡᠨᠡ ᠬᠤᠭᠤᠴᠠᠭᠠᠨ ᠳᠤ ᠪᠣᠶ ᠪᠣᠯᠤᠭᠰᠠᠨ ᠭᠠᠶᠢᠯᠢ ᠰᠦᠢᠳᠭᠡᠯ ᠵᠡᠷᠭᠡ ᠬᠠᠮᠢᠶ᠎ᠠ ᠪᠥᠬᠦᠶ ᠵᠠᠷᠤᠳᠠᠯ ᠢ ᠮᠥᠨ ᠬᠦ ᠲᠠᠨ ᠤ ᠺᠣᠮᠫᠠᠨᠢ ᠠᠴᠠ ᠬᠠᠤᠯᠢ ᠲᠣᠭᠲᠠᠭᠠᠯ ᠶᠣᠰᠣᠭᠠᠷ ᠡᠭᠦᠷᠭᠡᠯᠡᠨ᠎ᠡ᠃            ᠣᠨᠴᠠᠭᠠᠶᠢᠯᠠᠨ ᠵᠠᠷᠯᠠᠪᠠ                                       2024 ᠤᠨ ᠤ 6 ᠳ᠋ᠤᠭᠠᠷ ᠰᠠᠷ᠎ᠠ ᠶᠢᠨ 17 ᠤ ᠡᠳᠦᠷ                          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号