ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ | ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠪᠥᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ | ᠬᠠᠨᠳᠤᠰᠢ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠡᠳ᠋ ᠪᠣᠳᠠᠰ ᠨᠥᠭᠡᠴᠡᠯᠡᠬᠦ | ᠲᠥᠯᠥᠪᠵᠢᠭᠦᠯᠭᠡ᠂ ᠨᠥᠭᠡᠴᠡᠯᠡᠬᠦ ᠲᠥᠷᠥᠯ ᠵᠦᠢᠯ ᠤᠨ ᠭᠠᠷᠴᠠᠭ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ | ᠲᠤᠭᠤᠷᠢᠭ ᠤᠨ ᠠᠮᠤ ᠪᠤᠳᠠᠭ᠎ᠠ᠂ ᠡᠮ ᠤᠨ ᠵᠦᠢᠯ ᠪᠣᠯᠤᠨ ᠭᠠᠮᠰᠢᠭ ᠠᠴᠠ ᠠᠪᠤᠷᠠᠬᠤ ᠪᠠᠷᠠᠭ᠎ᠠ ᠵᠡᠷᠭᠡ ᠴᠢᠬᠤᠯᠠ | ᠬᠡᠷᠡᠭᠯᠡᠭᠡᠨ ᠤ ᠵᠦᠢᠯ ᠤᠨ ᠨᠥᠭᠡᠴᠡ ᠬᠢᠭᠡᠳ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠠᠮᠢᠶᠠᠷᠤᠨ᠎ᠠ᠃ | ︵ᠭᠤᠷᠪᠠ︶ ᠪᠦᠬᠦ ᠲᠤᠭᠤᠷᠢᠭ ᠤᠨ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠠᠮᠤ | ᠪᠤᠳᠠᠭᠠᠨ ᠤ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ | ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠭᠤᠭᠴᠤᠭ᠎ᠠ᠂ ᠠᠮᠤ ᠪᠤᠳᠠᠭᠠᠨ ᠤ ᠶᠠᠰᠤ ᠴᠢᠨᠠᠷ ᠤᠨ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠠᠮᠤ ᠪᠤᠳᠠᠭ᠎ᠠ ᠪᠠ ᠡᠳ᠋ | ᠪᠠᠷᠠᠭ᠎ᠠ ᠶᠢᠨ ᠬᠥᠮᠥᠷᠭᠡ ᠶᠢᠨ ᠬᠠᠳᠠᠭᠠᠯᠠᠯᠲᠠ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠦᠷᠪᠡ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠰᠠᠨᠠᠭᠤᠯᠭ᠎ᠠ ᠶᠢ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠷᠦᠭᠦᠯᠡᠨ ᠠᠬᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠪᠥᠬᠦ ᠲᠤᠭᠤᠷᠢᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠦᠭᠦᠯᠡᠨ ᠥᠷᠨᠢᠭᠦᠯᠦᠨ᠎ᠡ᠃ | ︵ᠲᠠᠪᠤ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠥᠬᠦ | ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠣᠯᠤᠨ ᠪᠦᠲᠦᠴᠡ ᠶᠢ | ᠲᠣᠬᠢᠷᠠᠭᠤᠯᠤᠨ ᠡᠵᠡᠮᠳᠡᠬᠦ ᠬᠠᠷᠠᠯᠲᠠ ᠶᠢ ᠲᠤᠭᠤᠷᠪᠢᠨ ᠲᠣᠭᠲᠠᠭᠠᠨ᠎ᠠ᠃ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ | ᠬᠠᠮᠲᠤᠷᠠᠨ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠬᠤ ᠬᠡᠷᠡᠭᠲᠡᠶ᠃ | ︵ᠵᠢᠷᠭᠤᠭ᠎ᠠ︶ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠥᠬᠡᠬᠤᠲᠠ ᠪᠤᠭᠤᠲᠤ ᠢᠷᠭᠠᠶ | ᠲᠡᠮᠡᠭᠡᠲᠦ ᠶᠢᠨ ᠠᠵᠤ ᠠᠬᠤᠶ ᠶᠢᠨ ᠣᠷᠣᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ | ᠪᠥᠭᠡᠮᠨᠡᠷᠡᠯ᠂ ᠬᠥᠬᠡᠬᠤᠲᠠ ᠪᠤᠭᠤᠲᠤ ᠣᠷᠳᠣᠰ ᠵᠡᠷᠭᠡ ᠣᠷᠣᠨ ᠪᠦᠰᠡ ᠶᠢᠨ ᠬᠠᠮᠵᠢᠯᠴᠠᠨ ᠬᠥᠭᠵᠢᠬᠦ ᠪᠠᠶᠢᠯᠳᠤᠬᠤ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠰᠠᠨᠠᠭᠤᠯᠭ᠎ᠠ ᠠᠷᠭ᠎ᠠ | ᠬᠡᠮᠵᠢᠶ᠎ᠡ ᠶᠢ ᠳᠤᠷᠠᠳᠤᠨ᠂ ᠳᠡᠭᠡᠳᠦ ᠱᠠᠲᠤᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠭᠤᠤᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ︵ᠳᠣᠯᠤᠭ᠎ᠠ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠬᠥᠭᠵᠢᠯᠲᠡ ᠶᠢ ᠵᠣᠬᠢᠴᠠᠩᠭᠤᠶ ᠪᠠᠷ ᠲᠦᠯᠬᠢᠨ ᠠᠬᠢᠭᠤᠯᠤᠨ᠎ᠠ᠃ | ︵ᠨᠠᠢᠮᠠ︶ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠨᠧᠷᠭᠢ ᠶᠢᠨ ᠰᠤᠷᠪᠤᠯᠵᠢ ᠡᠬᠢ | ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠣᠷᠴᠢᠨ ᠠᠬᠤᠶ ᠶᠢ | ᠬᠠᠮᠠᠭᠠᠯᠠᠬᠤ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ | ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ | ᠡᠭᠦᠷᠭᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠰᠢᠨ᠎ᠡ ᠡᠨᠧᠷᠭᠢ ᠶᠢᠨ | ᠰᠤᠷᠪᠤᠯᠵᠢ ᠪᠣᠯᠤᠨ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ ᠶᠢ | ᠬᠠᠷᠢᠭᠤᠴᠠᠨ ᠬᠠᠮᠢᠶᠠᠷᠤᠨ᠎ᠠ᠃ ᠪᠥᠬᠦ ᠲᠤᠭᠤᠷᠢᠭ ᠤᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠶᠢᠨ | ᠣᠷᠳᠣ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ | ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ | | | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠨᠠᠮ ᠵᠠᠰᠠᠭ ᠤᠨ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠲᠤᠬᠠᠶᠢᠯᠠᠭᠰᠠᠨ ᠠᠵᠢᠯ ᠤᠨ ᠲᠠᠰᠤᠭ | ᠪᠦᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠤᠣᠯᠳᠠᠯᠭ᠎ᠠ ᠲᠠᠢ ᠲᠥᠷᠥᠯ | ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ | ᠳᠣᠲᠣᠷᠠᠬᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠲᠤᠭᠲᠠᠭᠠᠬᠤ᠂ ᠪᠦᠷᠢᠳᠬᠡᠨ ᠳᠠᠩᠰᠠᠯᠠᠬᠤ | ᠬᠠᠮᠢᠶᠠᠷᠤᠯᠲᠠ ᠶᠢᠨ ᠵᠦᠢᠯᠡᠰ ᠢ ᠡᠭᠦᠷᠭᠡᠯᠡᠨ᠎ᠡ︔ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠲᠤᠰ | ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠤᠯᠬᠤ ᠪᠠᠷ | ᠴᠢᠷᠮᠠᠶᠢᠨ᠎ᠠ︔ ᠪᠥᠬᠦ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠠᠵᠤ ᠦᠢᠯᠡᠳᠪᠦᠷᠢ ᠶᠢᠨ | ᠠᠵᠤ ᠦᠢᠯᠡᠰ ᠢ ᠵᠣᠬᠢᠴᠠᠭᠤᠯᠬᠤ᠂ ᠡᠬᠢ ᠪᠠᠶᠠᠯᠢᠭ ᠣᠷᠴᠢᠨ ᠲᠣᠭᠤᠷᠢᠨ ᠵᠡᠷᠭᠡ ᠬᠠᠮᠢᠶ᠎ᠠ ᠪᠥᠬᠦᠶ ᠠᠵᠢᠯ ᠢ | ᠵᠢᠯᠣᠭᠤᠳᠬᠤ ᠶᠢ ᠬᠠᠷᠢᠭᠤᠴᠠᠨ᠎ᠠ︔ ᠪᠥᠬᠦ ᠲᠤᠭᠤᠷᠢᠭ ᠤᠨ ᠰᠠᠭᠤᠷᠢ ᠠᠵᠤ ᠦᠢᠯᠡᠰ᠂ ᠨᠡᠶᠢᠭᠡᠮ ᠤᠨ ᠦᠢᠯᠡᠰ᠂ | ᠳᠡᠭᠡᠳᠦ ᠮᠡᠷᠭᠡᠵᠢᠯ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠭᠠᠳᠠᠭᠠᠳᠤ ᠪᠠᠯᠠ᠂ ᠲᠥᠯᠥᠪᠯᠡᠭᠡ ᠶᠢᠨ | ᠲᠥᠯᠥᠪᠵᠢᠭᠦᠯᠭᠡ᠂ ᠠᠵᠤ ᠠᠬᠤᠶ ᠶᠢᠨ ᠰᠤᠳᠤᠯᠭᠠᠨ ᠤ ᠠᠵᠢᠯ ᠢ ᠬᠠᠷᠢᠭᠤᠴᠠᠨ᠎ᠠ︔ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠠᠵᠢᠯ ᠢ ᠬᠠᠷᠢᠭᠤᠴᠠᠨ ᠥᠷᠨᠢᠭᠦᠯᠦᠨ᠎ᠡ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ︔ ᠠᠵᠢᠯ ᠣᠯᠭᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ᠂ | ᠡᠳ᠋ ᠤᠨ ᠵᠠᠰᠠᠭ ᠮᠥᠩᠭᠦᠨ ᠭᠦᠢᠯᠭᠡᠭᠡ᠂ ᠠᠵᠤ ᠠᠬᠤᠶ ᠶᠢᠨ ᠪᠠᠶᠢᠭᠤᠯᠤᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠳᠤ ᠣᠷᠣᠯᠴᠠᠨ᠎ᠠ᠃ | | ᠠᠵᠢᠯᠯᠠᠬᠤ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ 19 | ᠳ᠋ᠤᠭᠡᠷ ᠨᠣᠮᠧᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 5687089 | ᠬᠠᠷᠢᠭᠤᠴᠠᠯᠭ᠎ᠠ ᠡᠭᠦᠷᠭᠡᠯᠡᠭᠴᠢ᠄ ᠾᠧ ᠷᠦᠢ ᠵᠢᠶᠦ᠋ᠨ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |