ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/19
     ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠤᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠭᠦᠨᠵᠡᠭᠡᠶᠢᠷᠡᠨ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠪᠠ᠃
     ᠲᠣᠰ ᠤᠳᠠᠭᠠᠨ ᠤ ᠪᠠᠶᠢᠴᠠᠭᠠᠯᠲᠠ ᠨᠢ ᠪᠤᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠪᠠᠶᠢᠳᠠᠯ ᠳᠤ ᠭᠤᠤᠯᠳᠠᠯᠭ᠎ᠠ ᠲᠠᠢ ᠴᠢᠭᠯᠡᠭᠦᠯᠦᠨ᠂ ᠰᠦᠯᠵᠢᠶᠡᠨ ᠤ ᠭᠤᠤᠯ ᠨᠡᠪᠲᠡᠷᠡᠭᠦᠯᠦᠭᠴᠢ ᠶᠢᠨ ᠦᠨᠡᠨ ᠨᠡᠷ᠎ᠡ ᠪᠠᠷ ᠭᠡᠷᠡᠴᠢᠯᠡᠬᠦ ᠵᠢᠴᠢ ᠳᠠᠩᠰᠠᠯᠠᠭᠤᠯᠬᠤ᠂ ᠰᠢᠭᠤᠳ ᠨᠡᠪᠲᠡᠷᠡᠭᠦᠯᠬᠦ ᠶᠠᠪᠤᠴᠠ ᠳᠤ ᠵᠥᠪ ᠣᠨᠣᠪᠴᠢᠲᠠᠶ ᠤᠯᠤᠰ ᠲᠥᠷᠥ ᠶᠢᠨ ᠤᠳᠤᠷᠢᠳᠤᠮᠵᠢ ᠶᠢ ᠪᠣᠶ ᠪᠣᠯᠭᠠᠭᠰᠠᠨ ᠡᠰᠡᠬᠦ᠂ ᠪᠣᠯᠬᠢ ᠪᠦᠳᠦᠭᠦᠯᠢᠭ ᠵᠡᠷᠭᠡ ᠬᠤᠷᠢᠭ᠎ᠠ ᠴᠠᠭᠠᠵᠠ ᠠᠴᠠ ᠵᠥᠷᠢᠴᠡᠭᠰᠡᠨ ᠠᠭᠤᠯᠭ᠎ᠠ ᠵᠢᠴᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢᠨ ᠬᠠᠮᠲᠤ ᠰᠢᠭᠤᠳ ᠨᠡᠪᠲᠡᠷᠡᠭᠦᠯᠬᠦ ᠬᠥᠮᠦᠰ ᠲᠤ ᠰᠠᠨᠠᠭᠤᠯᠤᠮᠵᠢ ᠬᠢᠵᠦ᠂ ᠰᠢᠭᠤᠳ ᠨᠡᠪᠲᠡᠷᠡᠭᠦᠯᠬᠦ ᠦᠶ᠎ᠡ ᠳᠤ ᠬᠥᠮᠦᠨ ᠤ ᠤᠷᠤᠰᠬᠠᠯ ᠤᠨ ᠬᠡᠮᠵᠢᠶ᠎ᠡ ᠶᠢ ᠠᠩᠬᠠᠷᠴᠤ᠂ ᠬᠥᠮᠦᠨ ᠰᠢᠬᠠᠯᠳᠤᠵᠤ ᠪᠣᠯᠬᠤ ᠥᠬᠡᠶ᠂ ᠠᠮᠤᠷ ᠲᠦᠪᠰᠢᠨ ᠤ ᠳᠠᠯᠳᠠ ᠬᠡᠮ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠪᠠᠶᠢᠴᠠᠭᠠᠬᠤ ᠶᠠᠪᠤᠴᠠ ᠳᠤ᠂ ᠰᠦᠯᠵᠢᠶᠡᠨ ᠤ ᠨᠡᠪᠲᠡᠷᠡᠭᠦᠯᠭᠡ ᠳᠤ ᠪᠣᠳᠠᠲᠠᠶ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠵᠠᠶ᠂ ᠨᠢᠭᠡ ᠳᠤ ᠶᠣᠰᠣ ᠰᠤᠷᠲᠠᠬᠤᠨ ᠤ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠪᠣᠯᠬᠢ ᠪᠦᠳᠦᠭᠦᠯᠢᠭ ᠪᠠᠶᠢᠬᠤ ᠶᠢ ᠢᠳᠡᠪᠬᠢᠲᠡᠶ ᠪᠠᠷ ᠡᠰᠡᠷᠭᠦᠴᠡᠨ ᠬᠤᠷᠢᠭᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠵᠥᠪ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠶᠢ ᠪᠣᠶ ᠪᠣᠯᠭᠠᠬᠤ ᠬᠡᠷᠡᠭᠲᠡᠶ᠃ ᠬᠤᠶᠠᠷ ᠲᠤ᠂ ᠠᠮᠤᠷ ᠲᠦᠪᠰᠢᠨ ᠤ ᠤᠬᠠᠮᠰᠠᠷ ᠢᠶᠠᠨ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠰᠢᠭᠤᠳ ᠨᠡᠪᠲᠡᠷᠡᠭᠦᠯᠬᠦ ᠦᠶ᠎ᠡ ᠳᠤ ᠲᠤᠬᠠᠶ ᠶᠢᠨ ᠲᠠᠯᠠᠪᠤᠷ ᠲᠤ ᠦᠵᠡᠬᠦ ᠬᠥᠮᠦᠰ ᠢ ᠴᠠᠭ ᠲᠤᠬᠠᠶ ᠳᠤᠨᠢ ᠠᠩᠬᠠᠷᠴᠤ᠂ ᠲᠤᠬᠠᠶ ᠶᠢᠨ ᠲᠠᠯᠠᠪᠤᠷ ᠲᠤ ᠬᠥᠮᠦᠨ ᠴᠤᠭᠯᠠᠷᠠᠬᠤ ᠬᠡᠮᠵᠢᠶ᠎ᠡ ᠶᠢ ᠠᠩᠬᠠᠷᠴᠤ᠂ ᠰᠢᠬᠠᠯᠳᠤᠬᠤ ᠦᠵᠡᠭᠳᠡᠯ ᠭᠠᠷᠪᠠᠯ ᠳᠠᠷᠤᠶ ᠲᠦᠷᠭᠡᠨ ᠰᠢᠭᠤᠳ ᠨᠡᠪᠲᠡᠷᠡᠭᠦᠯᠬᠦ ᠪᠠᠨ ᠵᠣᠭᠰᠣᠭᠠᠬᠤ ᠬᠡᠷᠡᠭᠲᠡᠶ᠃ ᠢᠳᠡᠪᠬᠢᠲᠡᠶ ᠥᠭᠡᠳᠡᠯᠡᠨ ᠳᠠᠪᠰᠢᠭᠰᠠᠨ᠂ ᠡᠷᠡᠭᠦᠯ ᠪᠥᠭᠡᠳ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠲᠤᠩᠭᠠᠯᠠᠭ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠤᠯᠭᠠᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠦᠵᠡᠮᠵᠢ ᠶᠢᠨ ᠣᠷᠣᠨ ᠦᠵᠡᠮᠵᠢ ᠶᠢᠨ ᠴᠡᠭ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠪᠠᠶᠢᠩᠭᠤᠵᠢᠭᠤᠯᠤᠨ ᠭᠦᠨᠵᠡᠭᠡᠶᠢᠷᠡᠨ ᠦᠵᠡᠯ ᠤᠬᠠᠮᠰᠠᠷ ᠤᠨ ᠬᠡᠯᠪᠡᠷᠢ ᠶᠢ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠠᠵᠢᠯ ᠢ ᠥᠷᠨᠢᠭᠦᠯᠵᠦ᠂ ᠵᠠᠰᠠᠵᠤ ᠬᠠᠮᠢᠶᠠᠷᠤᠨ ᠡᠵᠡᠮᠳᠡᠬᠦ᠂ ᠤᠬᠠᠭᠤᠯᠵᠤ ᠬᠥᠲᠥᠯᠦᠨ ᠵᠢᠯᠣᠭᠤᠳᠬᠤ ᠳᠡᠭᠡᠷ᠎ᠡ ᠬᠦᠴᠦ ᠲᠠᠯᠪᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠢᠨ᠎ᠡ ᠪᠠᠶᠢᠳᠠᠯ ᠳᠣᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ︽ᠠᠮᠤᠷ ᠲᠦᠪᠰᠢᠨ ᠤ ᠱᠤᠭᠤᠮ︾ ᠢ ᠦᠨᠡᠨ ᠬᠦ ᠪᠠᠬᠢᠵᠢᠭᠦᠯᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号