︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠨᠡᠶᠢᠲᠡ ᠶᠢᠨ | ᠮᠠᠰᠢᠨ ᠲᠡᠷᠭᠡᠨ ᠤ ᠺᠣᠮᠫᠠᠨᠢ ᠠᠴᠠ ᠣᠶᠢᠯᠠᠭᠠᠭᠰᠠᠨ ᠢᠶᠠᠷ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠲᠠᠬᠢ ᠬᠦᠨᠳᠦᠳᠬᠡᠯ ᠪᠠ ᠬᠠᠯᠠᠮᠵᠢᠯᠠᠯ ᠢᠶᠠᠨ ᠤᠯᠠᠮ ᠨᠢᠭᠡ ᠠᠯᠬᠤᠮ ᠢᠯᠡᠳᠬᠡᠬᠦ ᠶᠢᠨ | ᠲᠥᠯᠥᠭᠡ᠂ ᠲᠣᠰ ᠡᠳᠦᠷ ᠠᠴᠠ ᠡᠬᠢᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ | ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ᠂ ᠡᠪᠡᠳᠴᠢᠨ ᠢᠶᠠᠷ ᠨᠠᠰᠤ ᠪᠠᠷᠠᠭᠰᠠᠨ | ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠦᠨᠡᠮᠯᠡᠯ︾ ᠲᠠᠢ ᠬᠥᠮᠦᠰ ᠬᠥᠬᠡᠬᠤᠲᠠ ᠶᠢᠨ ᠵᠠᠰᠠᠭ ᠵᠠᠬᠢᠷᠭᠠᠨ ᠤ | ᠣᠷᠣᠨ ᠳᠤ ᠰᠦᠢᠳᠬᠡᠯ ᠲᠤᠰᠢᠶᠠᠬᠤ ᠦᠭᠡᠢ ᠪᠠᠷ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ | ᠪᠣᠯᠤᠨ᠎ᠠ᠃ | ᠣᠶᠢᠯᠠᠭᠠᠭᠰᠠᠨ ᠢᠶᠠᠷ᠂ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠨᠡᠶᠢᠲᠡ ᠶᠢᠨ | ᠮᠠᠰᠢᠨ ᠲᠡᠷᠭᠡᠨ ᠤ ᠺᠣᠮᠫᠠᠨᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯᠣᠭᠤᠴᠢ ᠳᠤ | ᠲᠤᠰᠬᠠᠶᠢᠯᠠᠨ ᠬᠠᠮᠢᠶ᠎ᠠ ᠪᠥᠬᠦᠶ ᠪᠣᠯᠪᠠᠰᠤᠷᠠᠭᠤᠯᠤᠯ ᠪᠠ ᠤᠬᠠᠭᠤᠯᠭ᠎ᠠ ᠬᠢᠵᠦ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠨᠡᠶᠢᠲᠡ ᠶᠢᠨ ᠮᠠᠰᠢᠨ ᠲᠡᠷᠭᠡᠨ ᠳᠣᠲᠣᠷ᠎ᠠ | ᠢᠯᠡ ᠲᠣᠳᠣ ᠤᠬᠠᠭᠤᠯᠭ᠎ᠠ ᠶᠢᠨ ᠲᠡᠮᠳᠡᠭ ᠨᠠᠭᠠᠵᠤ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ︽ | ᠭᠤᠷᠪᠠᠨ ᠭᠡᠷ ᠪᠦᠯᠢ︾ ︵ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ | ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ︶ ᠲᠤ ᠡᠨᠡ ᠬᠦ | ᠠᠰᠠᠷᠠᠮᠵᠢ ᠶᠢ ᠮᠡᠳᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠮᠠᠨ ᠤ ᠬᠤᠲᠠ ᠶᠢᠨ | ︽ᠬᠤᠶᠠᠷ ᠢ ᠬᠦᠷᠢᠶᠡᠯᠡᠬᠦ︾ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ | ᠴᠡᠷᠢᠭ ᠢᠶᠠᠨ ᠬᠠᠶᠢᠷᠠᠯᠠᠬᠤ ᠠᠵᠢᠯ ᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠪᠠ | ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠲᠡᠷᠭᠡᠨ ᠳᠤ ᠰᠠᠭᠤᠬᠤ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ | ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ ᠢ | ᠨᠠᠩ ᠰᠠᠶᠢᠨ᠂ ᠵᠣᠯ ᠵᠢᠷᠭᠠᠯᠲᠤ ᠲᠥᠷᠥᠭᠳᠡᠯ ᠢ ᠨᠠᠩ ᠦᠷᠭᠦᠯᠵᠢ᠂ ᠢᠷᠠᠭᠤ ᠠᠯᠳᠠᠷ ᠤᠨ ᠲᠥᠷᠥᠭᠳᠡᠯ ᠢ ᠨᠠᠩ | ᠳᠡᠭᠡᠭᠰᠢᠯᠡᠭᠦᠯᠬᠦ ᠪᠠᠷ ᠴᠢᠷᠮᠠᠶᠢᠨ᠎ᠠ᠃ | | |