ᠨᠢᠭᠡ᠂ ᠲᠣᠭᠲᠠᠭᠠᠭᠰᠠᠨ ᠠᠬᠤᠢ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ︽ᠲᠠᠷᠢᠶᠠᠨ ᠭᠠᠵᠠᠷ ᠪᠠ ᠲᠠᠷᠢᠶᠠᠯᠠᠬᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠪᠠᠲᠤᠯᠠᠬᠤ︾ | ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ | ᠠᠶᠤᠯᠭᠦᠢ ᠶᠢ ᠪᠠᠲᠤᠯᠠᠨ᠂ ᠪᠦᠬᠦ ᠬᠤᠲᠠ ᠶᠢᠨ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠨᠡᠩ ᠰᠠᠶᠢᠨ ᠠᠬᠢᠭᠤᠯᠬᠤ ᠶᠢᠨ ᠲᠥᠯᠥᠭᠡ᠂ ︽ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠵᠠᠷᠯᠢᠭ 2019 ᠣᠨ ᠤ 4 ᠳ᠋ᠦ᠋ᠭᠡᠷ ᠲᠣᠭᠠᠲᠤ︶᠂ ︽︿ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ | ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾᠂ ︽2024 ᠣᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠥᠯᠥᠪᠯᠡᠭᠡ ᠶᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠪᠦᠲᠦᠭᠡᠨ | ᠪᠠᠶᠢᠭᠤᠯᠤᠯᠲᠠ ᠲᠠᠷᠬᠠᠭᠠᠭᠰᠠᠨ ﹇2023﹈ 500 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽2024 ᠣᠨ ᠤ | ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠥᠯ ︵ᠲᠤᠷᠰᠢᠨ ᠬᠡᠷᠡᠭᠵᠢᠭᠦᠯᠬᠦ︶︾ ᠢ ᠲᠤᠭᠤᠷᠪᠢᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠪᠦᠲᠦᠭᠡᠨ ᠪᠠᠶᠢᠭᠤᠯᠬᠤ ᠡᠭᠦᠷᠭᠡ | 2024 ᠣᠨ ᠳᠤ ᠮᠠᠨ ᠤ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ 32.66 ᠲᠦᠮᠡᠨ ᠮᠦ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ | ᠬᠥᠭᠵᠢᠭᠦᠯᠦᠯᠲᠡ ᠥᠭᠡᠷᠡᠴᠢᠯᠡᠯᠲᠡ ᠶᠢᠨ ᠤᠯᠤᠰ ᠤᠨ ᠵᠢᠭᠡᠯᠡᠯᠭᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ 24.79 ᠲᠦᠮᠡᠨ ᠮᠦ ︵14.54 ᠲᠦᠮᠡᠨ ᠮᠦ ᠶᠢ ᠰᠢᠨ᠎ᠡ ᠪᠠᠷ | ᠪᠠᠶᠢᠭᠤᠯᠵᠤ᠂ 10.25 ᠲᠦᠮᠡᠨ ᠮᠦ ᠶᠢ ᠥᠭᠡᠷᠡᠴᠢᠯᠡᠨ ᠰᠠᠶᠢᠵᠢᠷᠠᠭᠤᠯᠬᠤ︶᠂ ᠤᠷᠢᠳᠠᠪᠠᠷ ᠪᠠᠶᠢᠭᠤᠯᠵᠤ ᠳᠠᠷᠠᠭ᠎ᠠ ᠨᠢ | ᠨᠥᠬᠦᠪᠦᠷᠢᠯᠡᠬᠦ ᠲᠥᠷᠥᠯ ᠵᠦᠢᠯ 7.87 ᠲᠦᠮᠡᠨ ᠮᠦ᠃ | ︵ᠬᠤᠶᠠᠷ︶ ᠪᠡᠶᠡᠯᠡᠭᠦᠯᠬᠦ ᠴᠠᠭ | 2024 ᠣᠨ ᠤ 24.79 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠲᠥᠷᠥᠯ ᠵᠦᠢᠯ ᠤᠨ | ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ | ᠳᠠᠭᠤᠰᠬᠠᠵᠤ᠂ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠲᠥᠷᠥᠯ ᠵᠦᠢᠯ ᠤᠨ ᠠᠩᠬ᠎ᠠ ᠠᠯᠬᠤᠮ ᠤᠨ | ᠵᠢᠷᠤᠭ ᠲᠥᠯᠥᠪᠯᠡᠭᠡ ᠶᠢ ᠳᠠᠭᠤᠰᠬᠠᠵᠤ᠂ 2 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠠᠩᠬ᠎ᠠ ᠠᠯᠬᠤᠮ ᠤᠨ | ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠪᠠ ᠴᠣᠬᠤᠯᠠᠪᠤᠷᠢᠯᠠᠨ ᠬᠠᠷᠢᠭᠤᠯᠬᠤ ᠠᠵᠢᠯ ᠢ | ᠳᠠᠭᠤᠰᠬᠠᠵᠤ᠂ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠷᠢᠯᠭ᠎ᠠ ᠶᠢᠨ ᠠᠵᠢᠯ ᠤᠨ ᠬᠢᠨᠠᠯᠲᠠ | ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠳᠠᠭᠤᠰᠬᠠᠵᠤ᠂ 3 ᠳ᠋ᠤᠭᠠᠷ | ᠰᠠᠷ᠎ᠠ ᠶᠢᠨ 25 ᠤ ᠡᠳᠦᠷ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ 4 ᠳ᠋ᠦ᠋ᠭᠡᠷ ᠰᠠᠷ᠎ᠠ ᠶᠢᠨ 20 ᠤ | ᠡᠳᠦᠷ ᠠᠴᠠ ᠡᠮᠦᠨ᠎ᠡ ᠪᠥᠬᠦ ᠲᠠᠷᠢᠶᠠᠨ ᠭᠠᠵᠠᠷ ᠤᠨ ᠳᠤᠮᠳᠠᠬᠢ ᠪᠠᠷᠢᠯᠭ᠎ᠠ ᠶᠢᠨ ᠠᠵᠢᠯ ᠢ ᠳᠠᠭᠤᠰᠬᠠᠵᠤ᠂ 11 ᠳ᠋ᠦ᠋ᠭᠡᠷ | ᠰᠠᠷ᠎ᠠ ᠶᠢᠨ 30 ᠤ ᠡᠳᠦᠷ ᠠᠴᠠ ᠡᠮᠦᠨ᠎ᠡ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠤᠨ ᠪᠥᠬᠦ | ᠠᠭᠤᠯᠭ᠎ᠠ ᠶᠢ ᠪᠡᠶᠡᠯᠡᠭᠦᠯᠵᠦ᠂ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠣᠨ ᠤ ᠠᠵᠢᠯ ᠤᠨ | ᠳ᠋ᠦᠩᠨᠡᠯᠲᠡ ᠶᠢ ᠮᠡᠳᠡᠭᠦᠯᠦᠨ᠎ᠡ᠃ | ︵ᠭᠤᠷᠪᠠ︶ ᠪᠦᠲᠦᠭᠡᠨ ᠪᠠᠶᠢᠭᠤᠯᠬᠤ ᠪᠠᠷᠢᠮᠵᠢᠶ᠎ᠠ | ᠤᠯᠤᠰ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ | ᠳᠦᠷᠢᠮ︾ ︵GB/T30600 - 2022︶ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ | ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠤᠭ᠎ᠠ ᠬᠡᠮᠵᠢᠶ᠎ᠡ ᠪᠠ | ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠣᠯᠠᠨ ᠡᠰᠢᠵᠢᠭᠦᠯᠦᠨ ᠣᠷᠣᠯᠴᠠᠬᠤ | ᠪᠠ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠲᠠᠷᠢᠶᠠᠨ | ᠭᠠᠵᠠᠷ ᠢ ᠴᠡᠭᠴᠡᠯᠡᠨ ᠵᠠᠰᠠᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠳᠤᠮᠳᠠᠬᠢ ᠵᠠᠮ᠂ ᠲᠠᠷᠢᠶᠠᠨ ᠭᠠᠵᠠᠷ ᠢ | ᠰᠡᠷᠭᠡᠶᠢᠯᠡᠨ ᠬᠠᠮᠠᠭᠠᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠨ ᠭᠠᠵᠠᠷ | ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠵᠡᠷᠭᠡ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠵᠢᠴᠢ ᠲᠠᠷᠢᠶᠠᠨ ᠭᠠᠵᠠᠷ ᠤᠨ ᠬᠥᠷᠥᠰᠥᠨ ᠰᠢᠮ᠎ᠡ ᠪᠠ ᠤᠨᠠᠯᠲᠠ ᠶᠢ ᠰᠠᠶᠢᠵᠢᠷᠠᠭᠤᠯᠬᠤ | ᠢᠨᠵᠧᠨᠧᠷᠢᠩ ᠢ ᠬᠡᠷᠡᠭᠵᠢᠭᠦᠯᠦᠨ᠎ᠡ᠃ ︽ᠬᠡᠷᠡᠭᠯᠡᠬᠦ ᠶᠣᠰᠣᠲᠠᠢ ᠶᠢ ᠵᠠᠪᠠᠯ ᠬᠡᠷᠡᠭᠯᠡᠵᠦ᠂ ᠬᠡᠷᠡᠭᠯᠡᠵᠦ ᠪᠣᠯᠬᠤ ᠶᠢ ᠪᠦᠬᠦᠨ ᠢ | ᠬᠡᠷᠡᠭᠯᠡᠬᠦ︾ ᠵᠠᠷᠴᠢᠮ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠤᠯᠠᠮ ᠨᠢᠭᠡ ᠠᠯᠬᠤᠮ ᠥᠷᠭᠡᠳᠬᠡᠨ ᠳᠡᠯᠭᠡᠷᠡᠭᠦᠯᠵᠦ᠂ ᠨᠡᠶᠢᠲᠡᠯᠢᠭ ᠬᠡᠪ | ᠵᠠᠭᠪᠤᠷ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠨᠥᠯᠥᠭᠡᠯᠡᠨ | ᠳᠠᠶᠢᠴᠢᠯᠠᠬᠤ ᠬᠡᠪᠴᠢᠶ᠎ᠡ ᠶᠢ ᠥᠷᠭᠡᠳᠬᠡᠵᠦ᠂ ᠳᠡᠯᠭᠡᠷᠡᠭᠦᠯᠬᠦ ᠲᠠᠯᠠᠪᠠᠶ ᠶᠢ ᠬᠤᠰᠢᠭᠤ ᠰᠢᠶᠠᠨ ᠲᠣᠭᠤᠷᠢᠭ ᠤᠨ | ᠡᠭᠦᠷᠭᠡ ᠶᠢᠨ 50% ᠠᠴᠠ ᠳᠣᠣᠷ᠎ᠠ ᠪᠠᠶᠢᠯᠭᠠᠬᠤ ᠦᠭᠡᠢ᠃ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢᠨ | ᠲᠠᠯ᠎ᠠ ᠪᠠᠷ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠡᠵᠡᠩᠨᠡᠯᠲᠡ ᠶᠢ ᠬᠡᠪᠴᠢᠶᠡᠵᠢᠭᠦᠯᠬᠦ᠂ ᠦᠢᠯᠡᠳᠬᠦᠨ ᠢ ᠨᠠᠷᠠᠲᠤ | ᠲᠥᠷᠥᠯ ᠲᠡᠮᠳᠡᠭᠵᠢᠭᠦᠯᠬᠦ᠂ ᠠᠵᠤ ᠦᠢᠯᠡᠰ ᠢ ᠣᠨᠴᠠᠯᠢᠬᠵᠢᠭᠤᠯᠬᠤ᠂ ᠲᠠᠷᠢᠶᠠᠴᠢᠳ ᠢ ᠵᠣᠬᠢᠶᠠᠨ | ᠪᠠᠶᠢᠭᠤᠯᠤᠯᠵᠢᠭᠤᠯᠬᠤ ᠶᠢ ᠪᠠᠷᠢᠮᠲᠠᠯᠠᠨ᠎ᠠ᠃ ᠤᠷᠢᠳᠠᠪᠠᠷ ᠡᠷᠭᠢᠯᠳᠦᠭᠦᠯᠵᠦ ᠳᠠᠷᠠᠭ᠎ᠠ ᠨᠢ ᠲᠥᠷᠥᠯ ᠵᠦᠢᠯ ᠲᠣᠭᠲᠠᠭᠠᠬᠤ᠂ | ᠤᠷᠢᠳᠠᠪᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠣᠷᠣᠨ ᠤ | ᠭᠠᠵᠠᠷ ᠰᠢᠷᠣᠢ ᠶᠢᠨ ᠡᠷᠭᠢᠯᠲᠡ ᠶᠢᠨ ᠨᠣᠷᠮ᠎ᠠ ᠶᠢ 60% ᠠᠴᠠ ᠳᠡᠭᠡᠭᠰᠢ ᠬᠦᠷᠭᠡᠨ᠎ᠡ᠃ | ︵ᠳᠥᠷᠪᠡ︶ ᠪᠦᠲᠦᠭᠡᠨ ᠪᠠᠶᠢᠭᠤᠯᠬᠤ ᠭᠤᠣᠯ ᠠᠭᠤᠯᠭ᠎ᠠ | ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ | ᠲᠠᠷᠢᠶᠠᠨ ᠭᠠᠵᠠᠷ ᠢ ᠴᠡᠭᠴᠡᠯᠡᠨ ᠵᠠᠰᠠᠬᠤ ᠢᠨᠵᠧᠨᠧᠷᠢᠩ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ᠂ ᠲᠠᠷᠢᠶᠠᠨ | ᠳᠤᠮᠳᠠᠬᠢ ᠵᠠᠮ ᠤᠨ ᠢᠨᠵᠧᠨᠧᠷᠢᠩ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠢᠨᠵᠧᠨᠧᠷᠢᠩ᠂ ᠲᠠᠷᠢᠶᠠᠨ ᠭᠠᠵᠠᠷ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ | ᠢᠨᠵᠧᠨᠧᠷᠢᠩ᠂ ᠲᠠᠷᠢᠶᠠᠨ ᠭᠠᠵᠠᠷ ᠤᠨ ᠬᠥᠷᠥᠰᠥᠨ ᠰᠢᠮ᠎ᠡ ᠪᠠ ᠤᠨᠠᠯᠲᠠ ᠶᠢ ᠰᠠᠶᠢᠵᠢᠷᠠᠭᠤᠯᠬᠤ ᠢᠨᠵᠧᠨᠧᠷᠢᠩ ᠢ | ᠬᠡᠷᠡᠭᠵᠢᠭᠦᠯᠦᠨ᠎ᠡ᠃ | ︵ᠲᠠᠪᠤ︶ ᠠᠵᠢᠯ ᠤᠨ ᠠᠷᠭ᠎ᠠ ᠬᠡᠮᠵᠢᠶ᠎ᠡ ᠬᠢᠭᠡᠳ ᠱᠠᠭᠠᠷᠳᠠᠯᠭ᠎ᠠ | 1. ᠲᠥᠷᠥᠯ ᠵᠦᠢᠯ ᠤᠨ ᠭᠠᠵᠠᠷ ᠢ ᠰᠠᠶᠢᠨ ᠰᠣᠩᠭᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠤᠨ ︽ᠲᠠᠪᠤᠨ ᠡᠷᠬᠡᠪᠰᠢ᠂ ᠳᠥᠷᠪᠡᠨ ᠤᠷᠢᠳᠠᠪᠠᠷ᠂ ᠬᠤᠶᠠᠷ ᠢ ᠴᠢᠩᠭ᠎ᠠ | ᠴᠠᠭᠠᠵᠠᠯᠠᠬᠤ︾ ᠭᠠᠵᠠᠷ ᠰᠣᠩᠭᠤᠬᠤ ᠵᠠᠷᠴᠢᠮ ᠢ ᠴᠢᠩᠭ᠎ᠠ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠲᠥᠷᠥᠯ | ᠵᠦᠢᠯ ᠤᠨ ᠨᠥᠭᠡᠴᠡ ᠶᠢᠨ ᠬᠥᠮᠥᠷᠭᠡ ᠳᠤ ᠰᠣᠩᠭᠤᠭᠳᠠᠭᠰᠠᠨ ᠲᠥᠷᠥᠯ ᠵᠦᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ | ᠲᠠᠭᠯᠠᠨ ᠮᠡᠳᠡᠭᠦᠯᠬᠦ ᠪᠠ ᠸᠧᠺᠲ᠋ᠣᠷ ᠪᠠᠶᠢᠷᠢᠰᠢᠯ ᠢ ᠠᠴᠢᠬᠤ ᠠᠵᠢᠯ ᠢ ᠪᠡᠶᠡᠯᠡᠭᠦᠯᠵᠦ᠂ ᠳᠠᠷᠠᠭ᠎ᠠ ᠨᠢᠭᠡ ᠵᠢᠯ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠰ ᠵᠢᠯ ᠤᠨ 9 ᠰᠠᠷ᠎ᠠ ᠳᠤ ᠪᠢᠴᠢᠵᠦ ᠣᠷᠣᠭᠤᠯᠬᠤ ᠬᠡᠷᠡᠭᠲᠡᠢ᠂ | ᠪᠢᠴᠢᠵᠦ ᠣᠷᠣᠭᠤᠯᠤᠭᠰᠠᠨ ᠦᠭᠡᠢ ᠲᠥᠷᠥᠯ ᠵᠦᠢᠯ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠡᠪᠴᠢᠶᠡᠨ ᠳᠤ ᠣᠷᠣᠭᠤᠯᠵᠤ ᠪᠣᠯᠬᠤ ᠦᠭᠡᠢ᠃ | 2. ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ 2024 ᠣᠨ ᠳᠤ ᠰᠢᠨ᠎ᠡ ᠪᠠᠷ | ᠪᠠᠶᠢᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠳ᠋ ᠤᠨ | ᠵᠠᠰᠠᠭ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠢ 2527 ᠲᠥᠭᠦᠷᠢᠭ ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠂ ᠥᠭᠡᠷᠡᠴᠢᠯᠡᠵᠦ ᠰᠠᠶᠢᠵᠢᠷᠠᠭᠤᠯᠬᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ | ᠪᠠᠷᠢᠮᠵᠢᠶ᠎ᠠ ᠶᠢ 2316 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠣᠯᠠᠨ ᠡᠰᠢᠵᠢᠭᠰᠡᠨ ᠪᠡᠯᠡ | ᠲᠣᠬᠢᠷᠠᠭᠤᠯᠭ᠎ᠠ ᠶᠢᠨ ᠠᠷᠭ᠎ᠠ ᠪᠠᠷᠢᠯ ᠢ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ | 3. ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠵᠦᠢᠯ ᠢ ᠲᠥᠯᠥᠪᠵᠢᠭᠦᠯᠬᠦ᠂ | ᠭᠤᠶᠤᠴᠢᠯᠠᠨ ᠮᠡᠳᠡᠭᠦᠯᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ᠂ ᠢᠨᠵᠧᠨᠧᠷᠢᠩ ᠢ ᠬᠢᠨᠠᠨ ᠬᠠᠮᠢᠶᠠᠷᠬᠤ᠂ ᠢᠨᠵᠧᠨᠧᠷᠢᠩ | ᠳᠠᠭᠤᠰᠤᠭᠰᠠᠨ ᠢ ᠰᠢᠯᠭᠠᠨ ᠠᠪᠬᠤ᠂ ᠢᠨᠵᠧᠨᠧᠷᠢᠩ ᠳᠠᠭᠤᠰᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ᠂ | ᠬᠢᠨᠠᠯᠲᠠ ᠲᠠᠯᠪᠢᠵᠤ ᠪᠠᠶᠢᠴᠠᠭᠠᠬᠤ᠂ ᠲᠥᠷᠥᠯ ᠵᠦᠢᠯ ᠢ ᠪᠦᠷᠢᠳᠬᠡᠯ ᠳᠤ ᠣᠷᠣᠭᠤᠯᠬᠤ ᠵᠢᠴᠢ ᠪᠡᠯᠡ | ᠣᠷᠣᠭᠤᠯᠤᠯᠲᠠ ᠶᠢ ᠮᠡᠳᠡᠭᠦᠯᠦᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠤᠨ ᠳᠦᠷᠢᠮ ᠢ ᠵᠢᠷᠤᠮᠵᠢᠭᠤᠯᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠮᠡᠷᠭᠡᠵᠢᠯ ᠤᠨ ᠱᠠᠭᠠᠷᠳᠠᠯᠭ᠎ᠠ ᠪᠠᠷ ᠨᠡᠯᠢᠶᠡᠳ ᠳᠣᠣᠷ᠎ᠠ ᠪᠠᠷᠢᠯᠭ᠎ᠠ ᠳᠤ | ᠣᠷᠣᠯᠴᠠᠭᠤᠯᠵᠤ᠂ ᠲᠠᠷᠢᠶᠠᠴᠢᠳ ᠢ ᠬᠢᠨᠠᠯᠲᠠ ᠲᠠᠯᠪᠢᠭᠴᠢ ᠪᠠᠷ ᠤᠷᠢᠵᠤ ᠲᠦᠷᠦᠯ ᠵᠦᠢᠯ ᠤᠨ ᠬᠠᠮᠢᠶᠠᠷᠤᠯᠲᠠ ᠪᠠ | ᠰᠢᠯᠭᠠᠨ ᠠᠪᠬᠤ ᠪᠦᠬᠦ ᠠᠵᠢᠯ ᠳᠤ ᠣᠷᠣᠯᠴᠠᠭᠤᠯᠤᠨ᠎ᠠ᠃ | 4. ᠡᠳᠦᠷ ᠲᠤᠲᠤᠮ ᠤᠨ ᠮᠡᠳᠡᠭᠦᠯᠦᠨ ᠬᠦᠷᠭᠡᠬᠦ ᠶᠢ ᠵᠢᠷᠤᠮᠵᠢᠭᠤᠯᠤᠨ᠎ᠠ᠃ ᠲᠤᠰᠬᠠᠢ ᠬᠥᠮᠥᠨ ᠲᠣᠮᠢᠯᠠᠵᠤ | ᠲᠣᠭᠲᠠᠭᠠᠭᠰᠠᠨ ᠴᠠᠭ ᠤᠨ ᠵᠠᠩᠭᠢᠯᠠᠭ᠎ᠠ ᠶᠣᠰᠣᠭᠠᠷ ᠮᠠᠲ᠋ᠧᠷᠢᠶᠠᠯ ᠢ ᠰᠦᠯᠵᠢᠶᠡᠨ ᠳᠡᠭᠡᠷᠡᠬᠢ ᠰᠢᠰᠲ᠋ᠧᠮ ᠳᠡᠭᠡᠷ᠎ᠡ | ᠮᠡᠳᠡᠭᠦᠯᠬᠦ ᠪᠠ ᠰᠦᠯᠵᠢᠶᠡᠨ ᠭᠠᠳᠠᠨ᠎ᠠ ᠲᠠᠩᠰᠠ ᠡᠪᠬᠡᠮᠡᠯ ᠳᠤ ᠣᠷᠣᠭᠤᠯᠵᠤ᠂ ᠲᠤᠭ᠎ᠠ ᠪᠠᠷᠢᠮᠲᠠ ᠶᠢ ᠡᠷᠬᠡᠪᠰᠢ ᠴᠠᠭ | ᠲᠤᠬᠠᠢ ᠳᠤᠨᠢ᠂ ᠣᠨᠣᠪᠴᠢᠲᠠᠶ ᠮᠡᠳᠡᠭᠦᠯᠦᠨ ᠬᠦᠷᠭᠡᠵᠦ᠂ ᠯᠣᠭᠢᠭ ᠲᠤ ᠨᠡᠶᠢᠴᠡᠭᠰᠡᠨ ᠪᠠᠶᠢᠬᠤ ᠬᠡᠷᠡᠭᠲᠡᠢ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |