ᠢᠦᠢ ᠴᠢᠤᠸᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠭᠤᠣᠯ ᠰᠡᠳᠦᠪᠲᠦ ᠲᠠᠮᠢᠷ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/6/26
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠴᠠ ᠭᠤᠤᠯᠯᠠᠨ ᠡᠷᠭᠢᠯᠡᠭᠰᠡᠨ ︽ᠮᠡᠨᠳᠦᠯᠡᠭᠰᠡᠨ ᠡᠳᠦᠷ ᠢ ᠤᠭᠲᠤᠨ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠵᠦ ᠭᠤᠷᠪᠠ ᠶᠢ ᠠᠬᠢᠭᠤᠯᠤᠨ ᠨᠡᠶᠢᠯᠡᠮᠡᠯ ᠬᠦᠴᠦᠨ ᠢ ᠨᠢᠭᠲᠠᠷᠠᠭᠤᠯᠬᠤ︾ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠪᠡᠶ᠎ᠡ ᠶᠢᠨ ᠲᠠᠮᠢᠷ ᠤᠨ ᠴᠤᠭᠯᠠᠭᠠᠨ ᠬᠥᠬᠡᠬᠤᠲᠠ ᠶᠢᠨ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠪᠠ᠃
     ᠬᠦᠷ ᠬᠥᠭᠵᠢᠶᠡᠨ ᠲᠠᠢ ᠠᠭᠤᠷ ᠠᠮᠢᠰᠬᠤᠯ ᠤᠨ ᠳᠤᠮᠳᠠ᠂ ᠢᠦᠢ ᠴᠢᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠪᠠᠶᠢᠭᠤᠯᠭ᠎ᠠ ᠶᠢᠨ ᠺᠠᠳ᠋ᠷᠴᠤᠳ ᠴᠤᠭ ᠵᠢᠪᠬᠤᠭ᠎ᠠ ᠪᠠᠳᠠᠷᠠᠩᠭᠤᠶ᠂ ᠬᠡᠪ ᠨᠠᠮᠪᠠ ᠪᠠᠨ ᠭᠠᠶᠢᠬᠠᠭᠤᠯᠵᠤ᠂ ᠫᠢᠩᠫᠠᠩ ᠪᠥᠮᠪᠦᠭᠡ᠂ ᠰᠤᠷ ᠬᠠᠷᠪᠤᠬᠤ᠂ ᠥᠳᠥᠨ ᠪᠥᠮᠪᠦᠭᠡ᠂ ᠲᠣᠭᠲᠠᠭᠰᠠᠨ ᠴᠡᠭ ᠲᠤ ᠪᠦᠮᠪᠦᠭᠡ ᠢᠰᠬᠦᠯᠬᠦ ᠪᠠ ᠠᠯᠠᠭᠠᠳᠠᠬᠤ ᠪᠥᠮᠪᠦᠭᠡ ᠣᠷᠣᠭᠤᠯᠬᠤ ᠵᠡᠷᠭᠡ ᠤᠷᠤᠯᠳᠤᠭᠠᠨ ᠤ ᠲᠦᠷᠦᠯ ᠵᠦᠢᠯ ᠳᠤ ᠢᠳᠡᠪᠬᠢᠲᠡᠢ ᠣᠷᠣᠯᠴᠠᠵᠤ᠂ ᠡᠷᠡᠭᠦᠯ ᠥᠭᠡᠳᠡᠷᠬᠡᠭ᠂ ᠵᠣᠷᠢᠭᠲᠠᠢ ᠪᠠᠷ ᠲᠡᠮᠡᠴᠡᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号