2024 ᠣᠨ ᠤ ᠢᠦᠶ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠺᠣᠮᠫᠢᠦ᠋ᠲ᠋ᠧᠷ ᠤᠨ ᠲᠠᠰᠢᠷᠠᠮ ᠢᠶᠠᠷ ᠰᠣᠷᠣᠭᠴᠢ ᠡᠯᠰᠡᠬᠦ ᠠᠵᠢᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/6/26
     6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨᠠᠬᠢ 15 ᠴᠠᠭ ᠲᠤ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠺᠣᠮᠫᠢᠦ᠋ᠲ᠋ᠧᠷ ᠤᠨ ᠲᠠᠰᠢᠷᠠᠮ ᠢᠶᠠᠷ ᠰᠣᠷᠣᠭᠴᠢ ᠡᠯᠰᠡᠬᠦ ᠲᠤᠬᠠᠶ ᠶᠢᠨ ᠲᠠᠯᠠᠪᠤᠷ ᠤᠨ ᠬᠤᠷᠠᠯ ᠢᠦᠶ ᠴᠢᠤᠸᠠᠨ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ ᠲᠤ ᠶᠠᠪᠤᠭᠳᠠᠪᠠ᠃ ᠢᠦᠶ ᠴᠢᠤᠸᠠᠨ ᠲᠣᠭᠤᠷᠢᠭ ᠪᠣᠯᠤᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠳᠠᠷᠤᠭ᠎ᠠ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠭᠠᠵᠠᠷ ᠪᠣᠯᠤᠨ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠣᠨᠴᠠᠭᠠᠶᠢᠯᠠᠨ ᠤᠷᠢᠵᠤ ᠬᠠᠮᠲᠤ ᠣᠷᠣᠯᠴᠠᠭᠤᠯᠪᠠ᠃
     2024 ᠣᠨ ᠤ ᠪᠥᠬᠦ ᠬᠤᠲᠠ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ 6 ᠳ᠋ᠤᠭᠠᠷ ᠰᠠᠷ᠎ᠠ ᠶᠢᠨ 11 ᠤ ᠡᠳᠦᠷ ᠠᠴᠠ 18 ᠤ ᠡᠳᠦᠷ ᠪᠣᠯᠲᠠᠯ᠎ᠠ ᠰᠦᠯᠵᠢᠶᠡᠨ ᠳᠡᠭᠡᠷᠡᠬᠢ ᠬᠡᠤᠬᠡᠳ ᠤᠨ ᠮᠡᠳᠡᠭᠡ ᠵᠠᠩᠭᠢ ᠶᠢ ᠴᠤᠭᠯᠠᠭᠤᠯᠵᠤ᠂ ᠢᠦᠶ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ ᠲᠤ ᠨᠡᠶᠢᠲᠡ 18 ᠬᠤᠲᠠ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︽ᠬᠥᠬᠡᠬᠤᠲᠠ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ ᠮᠡᠳᠡᠭᠡ ᠵᠠᠩᠭᠢ ᠴᠤᠭᠯᠠᠭᠤᠯᠵᠤ᠂ ᠬᠡᠤᠬᠡᠳ ᠤᠨ ᠠᠰᠠᠷᠠᠨ ᠬᠠᠮᠠᠭᠠᠯᠠᠭᠴᠢ ᠨᠢᠭᠡᠪᠦᠷᠢ ᠵᠣᠷᠢᠯᠲᠠ ᠪᠠᠨ ᠦᠨᠳᠦᠰᠦᠯᠡᠨ ᠰᠠᠶᠢᠨ ᠳᠤᠷ᠎ᠠ ᠠᠴᠠ ᠪᠠᠨ ᠨᠢᠭᠡ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠰᠣᠩᠭᠤᠨ ᠲᠠᠭᠯᠠᠵᠤ ᠪᠣᠯᠤᠨ᠎ᠠ᠃ 6 ᠳ᠋ᠤᠭᠠᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ ᠮᠠᠲ᠋ᠧᠷᠢᠶᠠᠯ ᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠪᠠ᠃ ᠲᠤᠬᠠᠶ ᠶᠢᠨ ᠲᠠᠯᠠᠪᠠᠶ ᠳᠤ ᠬᠢᠨᠠᠨ ᠬᠠᠷᠭᠤᠭᠤᠯᠤᠭᠰᠠᠨ ᠢᠶᠠᠷ᠂ ᠡᠭᠦᠨ ᠳᠤ 13 ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠢᠦᠶ ᠴᠢᠤᠸᠠᠨ ᠲᠣᠭᠤᠷᠢᠭ 5᠂ ᠬᠤᠲᠣᠩ ᠠᠷᠠᠳ ᠤᠨ ᠲᠣᠭᠤᠷᠢᠭ 8︶ ᠰᠣᠷᠣᠭᠴᠢ ᠡᠯᠰᠡᠬᠦ ᠨᠥᠬᠦᠴᠡᠯ ᠳᠤ ᠨᠡᠶᠢᠴᠡᠬᠦ ᠬᠡᠤᠬᠡᠳ ᠤᠨ ᠲᠤᠭ᠎ᠠ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠥᠬᠡᠶ ᠪᠠᠶᠢᠵᠤ᠂ ᠰᠢᠭᠤᠳ ᠰᠣᠷᠣᠭᠴᠢ ᠡᠯᠰᠡᠬᠦ ᠪᠣᠯᠤᠨ᠎ᠠ᠃ ᠪᠤᠰᠤᠳ 5 ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠢᠦᠶ ᠴᠢᠤᠸᠠᠨ ᠲᠣᠭᠤᠷᠢᠭ ᠤᠨ 3᠂ ᠬᠤᠲᠣᠩ ᠠᠷᠠᠳ ᠤᠨ ᠲᠣᠭᠤᠷᠢᠭ 2︶ ᠰᠣᠷᠣᠭᠴᠢ ᠡᠯᠰᠡᠬᠦ ᠨᠥᠬᠦᠴᠡᠯ ᠳᠤ ᠨᠡᠶᠢᠴᠡᠬᠦ ᠬᠡᠤᠬᠡᠳ ᠤᠨ ᠲᠤᠭ᠎ᠠ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠵᠠᠶ᠂ ᠡᠨᠡ 5 ᠬᠡᠦᠬᠡᠳ ᠤᠨ ᠴᠡᠴᠡᠷᠯᠢᠭ ᠪᠣᠯ ᠲᠤᠰ ᠲᠤᠰ᠄ ᠢᠦᠢ ᠴᠢᠤᠸᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ᠂ ᠢᠦᠢ ᠴᠢᠤᠸᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ᠂ ᠢᠦᠢ ᠴᠢᠤᠸᠠᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ᠂ ᠬᠤᠲᠣᠩ ᠠᠷᠠᠳ ᠤᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ᠂ ᠬᠤᠲᠣᠩ ᠠᠷᠠᠳ ᠤᠨ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠤᠨ ᠬᠠᠶᠢᠨ ᠰᠦᠪᠡᠭᠴᠢᠯᠡᠬᠦ ᠣᠷᠳᠣᠨ ᠤ ᠬᠤᠪᠢᠶᠠᠷᠢ ᠴᠡᠴᠡᠷᠯᠢᠭ ᠪᠣᠯᠤᠨ᠎ᠠ᠃
     ᠪᠦᠬᠦ ᠲᠤᠭᠤᠷᠢᠭ ᠤᠨ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠢᠴᠢ ᠺᠣᠮᠫᠢᠦ᠋ᠲ᠋ᠧᠷ ᠤᠨ ᠲᠠᠰᠢᠷᠠᠮ ᠢᠶᠠᠷ ᠰᠤᠷᠤᠭᠴᠢ ᠡᠯᠰᠡᠬᠦ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠭᠠᠵᠠᠷ ᠢ ᠤᠷᠢᠵᠤ ᠲᠣᠰ ᠤᠳᠠᠭᠠᠨ ᠤ ᠺᠣᠮᠫᠢᠦ᠋ᠲ᠋ᠧᠷ ᠤᠨ ᠲᠠᠰᠢᠷᠠᠮ ᠢᠶᠠᠷ ᠰᠤᠷᠤᠭᠴᠢ ᠡᠯᠰᠡᠬᠦ ᠳᠤ ᠠᠯᠪᠠᠨ ᠭᠡᠷᠡᠴᠢᠯᠡᠭᠡ ᠬᠢᠯᠭᠡᠪᠡ᠃ ᠲᠣᠰ ᠤᠳᠠᠭᠠᠨ ᠤ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠺᠣᠮᠫᠢᠦ᠋ᠲ᠋ᠧᠷ ᠤᠨ ᠲᠠᠰᠢᠷᠠᠮ ᠢᠶᠠᠷ ᠡᠯᠰᠡᠭᠰᠡᠨ ᠦᠷ᠎ᠡ ᠳ᠋ᠦᠩ ᠢ 6 ᠳ᠋ᠤᠭᠠᠷ ᠰᠠᠷ᠎ᠠ ᠶᠢᠨ 25 ᠤ ᠡᠳᠦᠷ ᠤᠨ 22 ᠴᠠᠭ ᠠᠴᠠ ᠰᠡᠭᠦᠯᠡᠷ ︽ᠬᠥᠬᠡᠬᠤᠲᠠ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠦᠢᠯᠡᠴᠢᠯᠡᠭᠡᠨ ᠤ ᠲᠠᠪᠴᠠᠩ︾ ᠳᠤ ᠣᠷᠣᠵᠤ ᠪᠠᠶᠢᠴᠠᠭᠠᠨ ᠯᠠᠪᠯᠠᠵᠤ ᠪᠣᠯᠤᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号