ᠴᠢᠷᠮᠠᠢ᠂ ᠪᠠᠭᠠᠴᠤᠳ ᠮᠢᠨᠢ︕
ᠨᠡᠶᠢᠲᠡᠯᠡᠭᠰᠡᠨ ᠴᠠᠭ᠄
2024/6/27
     6 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ 2024 ᠣᠨ ᠳᠤ ᠬᠥᠬᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠬᠥᠰᠢᠭᠡ ᠪᠠᠨ ᠰᠡᠬᠦᠵᠦ᠂ ᠰᠢᠯᠭᠠᠯᠲᠠ ᠳᠤ ᠤᠷᠤᠯᠴᠠᠭᠰᠠᠳ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠢᠶᠠᠷ ᠰᠢᠯᠭᠠᠯᠲᠠ ᠶᠢᠨ ᠲᠠᠯᠠᠪᠤᠷ ᠲᠤ ᠬᠦᠷᠴᠦ᠂ ᠵᠠᠯᠠᠭᠤ ᠨᠠᠰᠤ ᠪᠣᠯᠤᠨ ᠬᠦᠰᠡᠯ ᠡᠷᠡᠮᠡᠯᠵᠡᠯ ᠤᠨ ᠲᠥᠯᠥᠭᠡ ᠬᠦᠴᠦᠯᠡᠨ ᠲᠡᠮᠡᠴᠡᠪᠡ᠃
     2024 ᠤᠨ ᠤ ᠬᠥᠬᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ 6 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ 3 ᠡᠳᠦᠷ ᠶᠠᠪᠤᠭᠳᠠᠨ᠎ᠠ᠃ ᠡᠨᠡ ᠵᠢᠯ ᠬᠥᠬᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 28627 ᠪᠠᠶᠢᠵᠤ᠂ ᠨᠡᠶᠢᠲᠡ 9 ᠰᠢᠯᠭᠠᠯᠲᠠ ᠶᠢᠨ ᠲᠣᠭᠤᠷᠢᠭ᠂ 30 ᠰᠢᠯᠭᠠᠯᠲᠠ ᠶᠢᠨ ᠴᠡᠭ᠂ 961 ᠰᠢᠯᠭᠠᠯᠲᠠ ᠶᠢᠨ ᠲᠠᠯᠠᠪᠠᠶ ᠪᠣᠶ᠃ ᠲᠤᠬᠠᠶ ᠶᠢᠨ ᠡᠳᠦᠷ᠂ ᠡᠯ᠎ᠡ ᠰᠢᠯᠭᠠᠯᠲᠠ ᠶᠢᠨ ᠴᠡᠭ ᠤᠨ ᠰᠢᠯᠭᠠᠭᠤᠯᠤᠭᠴᠢ ᠡᠮᠬᠢ ᠳᠢᠭᠯᠢᠮ ᠲᠠᠢ ᠣᠷᠣᠵᠤ᠂ ᠰᠢᠯᠭᠠᠭᠤᠯᠤᠭᠴᠢ ᠨᠢᠭᠡᠪᠦᠷᠢ ᠶᠢᠨ ᠠᠷᠤ ᠳᠤ ᠴᠥᠮ ᠪᠠᠭᠰᠢ ᠪᠠ ᠬᠡᠷ ᠤᠨ ᠠᠬᠠᠮᠠᠳ ᠤᠨ ᠬᠠᠮᠤᠭ ᠤᠨ ᠭᠦᠨ ᠰᠡᠳᠭᠢᠯᠭᠡ ᠲᠠᠢ ᠬᠠᠷᠠᠴᠠ ᠪᠠ ᠬᠠᠮᠤᠭ ᠤᠨ ᠬᠠᠯᠠᠭᠤᠨ ᠳᠤᠯᠠᠭᠠᠨ ᠵᠥᠩᠨᠡᠯ ᠰᠢᠩᠭᠡᠨ᠎ᠡ᠃ ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号