ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠪᠣᠯ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠵᠢᠩᠬᠢᠨᠢ ᠰᠠᠯᠠᠭ᠎ᠠ ᠶᠢᠨ | ᠲᠠᠰ ᠤᠨ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠰᠢᠨ᠎ᠡ ᠪᠠᠷ ᠰᠠᠭᠤᠭ᠎ᠠ ᠭᠠᠵᠠᠷ ᠨᠢ ᠪᠠᠭ᠎ᠠ ᠲᠦᠷᠭᠡᠨ ᠭᠤᠤᠯ | ᠪᠠᠯᠭᠠᠰᠤᠨ ᠤ ᠸᠧᠶ ᠮᠢᠨ ᠵᠠᠮ ᠳᠤ ᠪᠠᠶᠢᠵᠤ᠂ 2021 ᠣᠨ ᠤ 7 ᠰᠠᠷ᠎ᠠ ᠳᠤ ᠵᠢᠩᠬᠢᠨᠢ ᠪᠠᠷ ᠭᠠᠳᠠᠭᠰᠢ ᠪᠠᠨ | ᠠᠵᠢᠯᠯᠠᠬᠤ ᠪᠣᠯᠤᠨ᠎ᠠ᠃ ᠠᠯᠪᠠᠯᠠᠬᠤ ᠠᠰᠠᠷ ᠤᠨ ᠶᠡᠷᠦᠩᠬᠡᠶ ᠲᠠᠯᠠᠪᠠᠶ ᠨᠢ 8983.18 ᠲᠡᠭᠰᠢ ᠳᠥᠷᠪᠡᠯᠵᠢᠨ ᠮᠧᠲᠷ | ᠪᠠᠶᠢᠵᠤ᠂ ᠭᠠᠵᠠᠷ ᠳᠡᠭᠡᠷᠡᠬᠢ 8 ᠳᠠᠪᠬᠤᠷ᠂ ᠭᠠᠵᠠᠷ ᠳᠣᠤᠷᠠᠬᠢ 1 ᠳᠠᠪᠬᠤᠷ ᠪᠠᠶᠢᠳᠠᠭ᠃ ᠲᠣᠪᠴᠢᠶᠠᠨ ᠳᠠᠷᠤᠭ᠎ᠠ 1 | ᠬᠥᠮᠦᠨ᠂ ᠳᠡᠳ᠋ ᠲᠣᠪᠴᠢᠶᠠᠨ ᠳᠠᠷᠤᠭ᠎ᠠ 2 ᠬᠥᠮᠦᠨ᠂ ᠨᠡᠶᠢᠲᠡ 68 ᠺᠠᠳ᠋ᠷ ᠠᠵᠢᠯᠲᠠᠨ ᠠᠵᠢᠯᠴᠢᠨ ᠲᠠᠢ᠃ | ᠲᠣᠪᠴᠢᠶ᠎ᠠ ᠶᠢᠨ ᠪᠠᠶᠢᠭᠤᠯᠤᠯᠭ᠎ᠠ ᠳᠤ ᠳᠣᠲᠣᠭᠠᠳᠤ ᠳᠠᠭᠠᠨ ᠠᠯᠪᠠᠨ ᠬᠡᠷ ᠭᠠᠷᠭᠠᠵᠤ᠂ ᠪᠠᠭᠤᠯᠭᠠᠬᠤ ᠬᠠᠮᠢᠶᠠᠷᠬᠤ | ᠦᠢᠯᠡᠴᠢᠯᠡᠬᠦ ᠥᠭᠡᠷᠡᠴᠢᠯᠡᠯᠲᠡ ᠶᠢ ᠠᠬᠢᠭᠤᠯᠬᠤ ᠲᠠᠰᠤᠭ᠂ ᠨᠢᠭᠡ ᠲᠠᠰᠤᠭ ᠢ ᠶᠡᠷᠦᠩᠬᠡᠶᠢᠯᠡᠨ ᠬᠢᠨᠠᠨ ᠵᠥᠪᠰᠢᠶᠡᠷᠡᠬᠦ᠂ | ᠬᠤᠶᠠᠷ ᠲᠠᠰᠤᠭ ᠢ ᠶᠡᠷᠦᠩᠬᠡᠶᠢᠯᠡᠨ ᠬᠢᠨᠠᠨ ᠵᠥᠪᠰᠢᠶᠡᠷᠡᠬᠦ᠂ ᠬᠠᠶᠢᠨ ᠰᠢᠯᠭᠠᠬᠤ ᠲᠠᠰᠤᠭ ᠵᠢᠴᠢ ᠦᠨᠡᠮᠯᠡᠯ ᠣᠯᠭᠤᠭᠰᠠᠨ | ᠲᠠᠰᠤᠭ ᠢ ᠭᠥᠯᠢᠶᠡᠨ ᠠᠪᠴᠤ ᠰᠢᠢᠳᠪᠦᠷᠢᠯᠡᠬᠦ 6 ᠲᠠᠰᠤᠭ ᠢ ᠳᠣᠭᠢᠷᠠᠭᠤᠯᠪᠠ᠃ ᠳᠣᠤᠷ᠎ᠠ ᠨᠢ 2 ᠬᠤᠶᠠᠳᠤᠭᠠᠷ | ᠳᠡᠰ ᠤᠨ ᠠᠵᠢᠯ ᠦᠢᠯᠡᠰ ᠤᠨ ᠨᠢᠭᠡᠴᠡ ᠲᠠᠢ᠂ ᠲᠣᠰ ᠲᠣᠰ ᠢᠦᠶ ᠴᠢᠤᠸᠠᠨ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ︵ᠳᠡᠳ᠋ ᠰᠠᠯᠠᠭ᠎ᠠ ᠶᠢᠨ ᠲᠠᠰ︶᠂ ᠢᠦᠶ ᠴᠢᠤᠸᠠᠨ ᠲᠣᠭᠤᠷᠢᠭ ᠤᠨ | ᠣᠷᠤᠭ ᠤᠨ ᠪᠦᠷᠢᠳᠬᠡᠯ ᠤᠨ ᠲᠥᠪ ︵ᠲᠠᠰᠤᠭ ᠤᠨ ᠲᠠᠰ︶ ᠪᠣᠯᠤᠨ᠎ᠠ᠃ | | | ᠨᠢᠭᠡ᠂ ᠳᠣᠲᠣᠭᠠᠳᠤ ᠪᠠᠶᠢᠭᠤᠯᠤᠮᠵᠢ | ︵ᠨᠢᠭᠡ︶ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠴᠢᠬᠤᠯᠠ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ | ᠴᠢᠨᠠᠷᠲᠠᠶ ᠮᠡᠳᠡᠭᠦᠯᠦᠯᠲᠡ ᠶᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠴᠠᠬᠢᠯᠭᠠᠨ ᠮᠡᠳᠡᠭᠡ᠂ ᠨᠢᠭᠤᠴᠠ | ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠠᠮᠤᠷ ᠲᠦᠪᠰᠢᠨ ᠵᠡᠷᠭᠡ ᠠᠵᠢᠯ ᠢ | ᠬᠠᠷᠢᠭᠤᠴᠠᠨ᠎ᠠ︔ ᠳᠣᠲᠣᠭᠠᠳᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ | ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠣᠨ ᠤ ᠬᠢᠨᠠᠨ ᠰᠢᠯᠭᠠᠯᠲᠠ ᠪᠠ ᠺᠠᠳ᠋ᠷ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ | ᠬᠥᠳᠡᠯᠮᠦᠷᠢ ᠶᠢᠨ ᠴᠠᠯᠢᠩ᠂ ᠭᠠᠳᠠᠭᠠᠳᠤ ᠳᠤ ︵ᠬᠢᠯᠢ︶ ᠠᠴᠠ ᠭᠠᠷᠬᠤ ᠬᠥᠮᠦᠰ ᠢ ᠬᠢᠨᠠᠨ ᠬᠠᠷᠭᠤᠭᠤᠯᠵᠤ ᠬᠠᠮᠢᠶᠠᠷᠬᠤ | ᠵᠡᠷᠭᠡ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠭᠠᠳᠠᠭᠠᠳᠤ ᠲᠠᠢ | ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠬᠠᠷᠢᠭᠤᠴᠠᠨ᠎ᠠ︔ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ | ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠵᠣᠬᠢᠶᠠᠨ | ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠢ | ᠬᠠᠷᠢᠭᠤᠴᠠᠨ᠎ᠠ︔ ᠲᠤᠭᠤᠷᠢᠭ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ ᠵᠢᠴᠢ | ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠠᠷᠢᠯᠴᠠᠨ | ᠬᠠᠮᠵᠢᠯᠴᠠᠨ ᠬᠡᠷᠡᠭᠯᠡᠬᠦ ᠶᠢ ᠬᠠᠷᠢᠭᠤᠴᠠᠨ᠎ᠠ︔ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠰᠦᠯᠵᠢᠶᠡᠨ ᠤ | ᠪᠠᠶᠢᠭᠤᠯᠤᠯᠲᠠ᠂ ᠠᠵᠢᠯᠯᠠᠭ᠎ᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠦᠢᠯᠡᠴᠢᠯᠡᠭᠡᠨ ᠤ | ᠲᠢᠩᠬᠢᠮ ᠤᠨ ᠬᠦᠴᠦᠨ ᠴᠢᠳᠠᠪᠤᠷᠢ ᠶᠢ ᠰᠢᠮᠳᠠᠭᠤᠯᠤᠨ ᠪᠠᠶᠢᠴᠠᠭᠠᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ᠂ | ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ︔ | ᠦᠢᠯᠡᠴᠢᠯᠡᠬᠦ ᠲᠢᠩᠬᠢᠮ ᠤᠨ ᠦᠢᠯᠡᠴᠢᠯᠡᠬᠦ ᠡᠲᠡᠭᠡᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ︔ ᠪᠥᠬᠦ ᠲᠤᠭᠤᠷᠢᠭ ᠤᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠨ᠎ᠠ︔ ᠡᠯ᠎ᠡ ᠱᠠᠲᠤᠨ ᠤ ᠴᠣᠩᠬᠤᠪᠴᠢ ᠶᠢᠨ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ᠂ ᠵᠢᠷᠤᠮᠵᠢᠭᠤᠯᠤᠭᠰᠠᠨ | ᠬᠡᠷᠡᠭᠵᠢᠭᠦᠯᠦᠯᠲᠡ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠰ ᠲᠣᠪᠴᠢᠶ᠎ᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠢ ᠠᠬᠢᠭᠤᠯᠬᠤ ᠲᠠᠰᠤᠭ᠃ ᠪᠥᠬᠦ | ᠲᠤᠭᠤᠷᠢᠭ ᠤᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡ ᠵᠡᠷᠭᠡ ᠲᠠᠯ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠬᠠᠷᠢᠭᠤᠴᠠᠨ᠎ᠠ︔ ᠪᠥᠬᠦ ᠲᠤᠭᠤᠷᠢᠭ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠪᠥᠬᠦ | ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠢ | ᠵᠢᠯᠣᠭᠤᠳᠤᠨ ᠵᠣᠬᠢᠴᠠᠭᠤᠯᠵᠤ᠂ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠶᠢ ᠠᠬᠢᠭᠤᠯᠤᠨ᠎ᠠ︔ | ᠰᠠᠭᠤᠷᠢ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠪᠥᠬᠦ | ᠲᠤᠭᠤᠷᠢᠭ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠬᠤ᠂ | ᠢᠯᠭᠠᠷᠠᠭᠤᠯᠬᠤ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ︔ ᠲᠤᠰ ᠰᠠᠯᠠᠭ᠎ᠠ ᠮᠥᠴᠢᠷ ᠤᠨ ᠢᠶᠠᠨ ᠬᠠᠤᠯᠢ ᠶᠣᠰᠣᠭᠠᠷ | ᠵᠠᠰᠠᠭ ᠶᠠᠪᠤᠭᠤᠯᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠨ᠎ᠠ︔ ᠴᠢᠬᠤᠯᠠ ᠶᠡᠭᠡ ᠵᠠᠰᠠᠭ ᠵᠠᠬᠢᠷᠭᠠᠨ ᠤ | ᠵᠥᠪᠰᠢᠶᠡᠷᠡᠯ ᠤᠨ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ | ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠬᠤ | ᠭᠡᠷᠡᠴᠢᠯᠡᠭᠡ ᠰᠣᠨᠣᠰᠬᠤ᠂ ᠳᠠᠬᠢᠨ ᠵᠥᠪᠯᠡᠬᠦ᠂ ᠵᠠᠷᠭᠤᠯᠳᠤᠬᠤ᠂ ᠲᠥᠯᠥᠪᠦᠷᠢ ᠥᠭᠬᠦ ᠠᠵᠢᠯ ᠢ ᠬᠠᠷᠢᠭᠤᠴᠠᠨ᠎ᠠ︔ | ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠰᠤᠷᠤᠯᠴᠠᠯᠭ᠎ᠠ ᠶᠢᠨ ᠠᠵᠢᠯ ᠢ ᠬᠠᠷᠢᠭᠤᠴᠠᠨ᠎ᠠ︔ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠬᠦ ᠶᠢ ᠬᠠᠷᠢᠭᠤᠴᠠᠨ᠎ᠠ︔ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ | ᠠᠵᠢᠯ ᠢ ᠠᠬᠢᠭᠤᠯᠬᠤ ᠪᠠ ᠭᠦᠨᠵᠡᠭᠡᠶᠢᠷᠡᠭᠦᠯᠬᠦ ᠶᠢ ᠬᠠᠷᠢᠭᠤᠴᠠᠨ᠎ᠠ︔ ᠬᠢᠨᠠᠨ ᠵᠥᠪᠰᠢᠶᠡᠷᠡᠬᠦ ᠲᠤᠬᠠᠶᠢᠯᠠᠭᠰᠠᠨ | ᠠᠵᠢᠯ ᠤᠨ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ︔ ᠪᠥᠬᠦ ᠲᠤᠭᠤᠷᠢᠭ ᠤᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠰᠢᠰᠲ᠋ᠧᠮᠵᠢ ᠶᠢ ᠵᠢᠯᠣᠭᠤᠳᠬᠤ᠂ ᠵᠣᠬᠢᠴᠠᠭᠤᠯᠬᠤ᠂ ᠪᠣᠯᠪᠠᠰᠤᠷᠠᠭᠤᠯᠬᠤ᠂ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ︔ | ᠬᠢᠨᠠᠨ ᠵᠥᠪᠰᠢᠶᠡᠷᠡᠬᠦ ᠵᠦᠢᠯᠡᠰ ᠤᠨ ᠴᠤᠪᠤᠷᠠᠯ ᠢ ᠳᠠᠬᠢᠨ ᠵᠣᠬᠢᠶᠠᠬᠤ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ | ᠬᠢᠵᠠᠭᠠᠷ ᠢ ᠪᠠᠭᠠᠰᠬᠠᠬᠤ᠂ ᠮᠥᠷᠳᠡᠵᠦ ᠰᠢᠮᠳᠠᠭᠤᠯᠤᠨ ᠭᠦᠢᠴᠡᠳᠭᠡᠬᠦ ᠶᠢ ᠬᠠᠷᠢᠭᠤᠴᠠᠵᠤ᠂ ᠵᠦᠢᠯᠡᠰ ᠤᠨ ᠭᠦᠢᠴᠡᠳᠭᠡᠬᠦ | ᠳᠤᠮᠳᠠ ᠣᠷᠣᠰᠢᠵᠤ ᠪᠠᠶᠢᠭ᠎ᠠ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠲᠣᠰ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠲᠣᠰ | ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠤᠭᠤᠰᠢᠯᠠᠭᠤᠯᠤᠨ | ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠲᠣᠭᠤᠷᠢᠭ᠂ ᠰᠢᠶᠠᠩ | ᠪᠠᠯᠭᠠᠰᠤ ᠵᠡᠭᠡᠯᠢ ᠭᠤᠳᠤᠮᠵᠢ᠂ ᠲᠣᠰᠬᠤᠨ ᠤ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨᠤ ᠬᠢᠨᠠᠨ ᠵᠦᠪᠰᠢᠶᠡᠷᠡᠯᠲᠡ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠨ᠎ᠠ᠃ | ︵ᠭᠤᠷᠪᠠ︶ ᠶᠡᠷᠦᠩᠬᠡᠶᠢᠯᠡᠨ ᠬᠢᠨᠠᠨ ᠵᠦᠪᠰᠢᠶᠡᠷᠡᠬᠦ ᠨᠢᠭᠡᠳᠦᠭᠡᠷ ᠲᠠᠰᠤᠭ᠃ ᠲᠠᠰᠤᠭ ᠤᠨ ᠡᠷᠬᠡ ᠶᠢᠨ | ᠳᠠᠨᠵᠢᠯᠠᠬᠤ ᠳᠠᠩᠰᠠᠯᠠᠯ ᠢ ᠬᠠᠷᠢᠭᠤᠴᠠᠨ᠎ᠠ︔ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ | ᠪᠣᠯᠭᠠᠬᠤ ︵ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠳᠡᠩᠰᠡᠯᠡᠯᠲᠡ ᠪᠠᠭᠲᠠᠨ᠎ᠠ︶ ᠶᠢ ᠬᠠᠷᠢᠭᠤᠴᠠᠨ᠎ᠠ︔ | ᠵᠠᠷ ᠨᠡᠶᠢᠲᠡᠯᠡᠵᠦ ᠳᠠᠩᠰᠠᠯᠠᠬᠤ ᠶᠢ ᠬᠠᠷᠢᠭᠤᠴᠠᠨ᠎ᠠ︔ ᠺᠣᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ | ᠬᠥᠮᠦᠨ ᠢ ᠪᠠᠶᠢᠭᠤᠯᠬᠤ᠂ ᠬᠤᠪᠢᠷᠠᠭᠤᠯᠬᠤ᠂ ᠳᠠᠩᠰᠠᠨ ᠠᠴᠠ ᠬᠠᠰᠤᠬᠤ ᠳᠠᠩᠰᠠᠯᠠᠯᠲᠠ ᠶᠢ ᠬᠠᠷᠢᠭᠤᠴᠠᠨ᠎ᠠ︔ ᠠᠵᠤ | ᠠᠬᠤᠶᠢᠯᠠᠯ ᠤᠨ ᠨᠡᠷᠡᠶᠢᠳᠦᠯ ᠢ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠬᠤᠷᠢᠶᠠᠨ ᠠᠪᠴᠤ ᠬᠦᠴᠦᠨ ᠥᠬᠡᠶ | ᠪᠣᠯᠭᠠᠬᠤ ᠶᠢᠨ ᠳᠡᠩᠰᠡᠯᠡᠯᠲᠡ ᠶᠢ ᠬᠠᠷᠢᠭᠤᠴᠠᠨ᠎ᠠ︔ ᠬᠤᠳᠠᠯᠳᠤᠭ᠎ᠠ᠂ ᠣᠯᠠᠨ ᠨᠡᠶᠢᠲᠡ ᠶᠢᠨ ᠢᠳᠡᠭᠡᠨ ᠤᠮᠳᠠᠭᠠᠨ᠂ | ᠦᠢᠯᠡᠴᠢᠯᠡᠭᠡ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠤᠨ ᠨᠡᠷᠡᠶᠢᠳᠦᠯ ᠫᠠᠶᠢᠰᠠ ᠢᠯᠡᠷᠬᠡᠶᠢᠯᠡᠯ ᠢ ᠳᠥᠭᠦᠮᠴᠢᠯᠡᠨ | ᠳᠠᠩᠰᠠᠯᠠᠬᠤ ᠶᠢ ᠬᠠᠷᠢᠭᠤᠴᠠᠨ᠎ᠠ︔ ᠢᠳᠡᠭᠡᠨ ᠢ ᠡᠵᠡᠩᠨᠡᠬᠦ ᠵᠥᠪᠰᠢᠶᠡᠷᠡᠯ ᠢ ᠬᠠᠷᠢᠭᠤᠴᠠᠨ᠎ᠠ︔ ᠬᠤᠪᠢ ᠶᠢᠨ ᠡᠷᠦᠬᠡ ᠶᠢ | ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠳᠡᠩᠰᠡᠯᠡᠨ ᠲᠡᠮᠳᠡᠭᠯᠡᠬᠦ ᠶᠢ ᠬᠠᠷᠢᠭᠤᠴᠠᠨ᠎ᠠ︔ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠢᠴᠢ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ᠂ ᠬᠤᠪᠢᠷᠠᠭᠤᠯᠬᠤ᠂ | ᠬᠦᠴᠦᠨ ᠦᠭᠡᠢ ᠪᠣᠯᠭᠠᠬᠤ᠂ ᠳᠠᠩᠰᠠᠯᠠᠬᠤ ᠶᠢ ᠬᠠᠷᠢᠭᠤᠴᠠᠨ᠎ᠠ︔ ᠠᠷᠤ ᠲᠠᠯ᠎ᠠ ᠶᠢᠨ ᠬᠢᠨᠠᠨ ᠵᠥᠪᠰᠢᠶᠡᠷᠡᠬᠦ ᠪᠠ | ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠬᠤ | ᠵᠡᠷᠭᠡ ᠠᠵᠢᠯ ᠢ ᠠᠬᠢᠭᠤᠯᠤᠨ᠎ᠠ᠃ | ︵ᠳᠥᠷᠪᠡ︶ ᠶᠡᠷᠦᠩᠬᠡᠶᠢᠯᠡᠨ ᠬᠢᠨᠠᠨ ᠵᠦᠪᠰᠢᠶᠡᠷᠡᠬᠦ ᠬᠤᠶᠠᠳᠤᠭᠠᠷ ᠲᠠᠰᠤᠭ᠃ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ | ᠶᠢ ᠬᠠᠷᠢᠭᠤᠴᠠᠨ᠎ᠠ︔ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠳᠠᠩᠰᠠᠯᠠᠬᠤ ᠶᠢ | ᠬᠠᠷᠢᠭᠤᠴᠠᠨ᠎ᠠ︔ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ | ᠬᠠᠷᠢᠭᠤᠴᠠᠨ᠎ᠠ︔ ᠠᠮᠤ ᠲᠣᠰᠣ ᠬᠥᠮᠥᠷᠭᠡᠯᠡᠨ ᠬᠠᠳᠠᠭᠠᠯᠠᠬᠤ ᠨᠢᠭᠡᠴᠢ ᠶᠢᠨ ᠳᠠᠩᠰᠠᠯᠠᠬᠤ ᠶᠢ ᠬᠠᠷᠢᠭᠤᠴᠠᠨ᠎ᠠ︔ | ᠠᠷᠠᠳ ᠠᠴᠠ ᠡᠷᠭᠢᠯᠡᠭᠰᠡᠨ ᠰᠤᠷᠭᠠᠭᠤᠯᠢ ᠪᠠᠶᠢᠭᠤᠯᠬᠤ ᠬᠢᠨᠠᠨ ᠵᠥᠪᠰᠢᠶᠡᠷᠡᠯ ᠢ ᠬᠠᠷᠢᠭᠤᠴᠠᠨ᠎ᠠ︔ ᠰᠤᠷᠭᠠᠭᠤᠯᠢ ᠶᠢᠨ | ᠲᠡᠷᠭᠡ ᠬᠡᠷᠡᠭᠯᠡᠬᠦ ᠵᠥᠪᠰᠢᠶᠡᠷᠡᠯ ᠢ ᠬᠠᠷᠢᠭᠤᠴᠠᠨ᠎ᠠ︔ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠦᠷᠢᠮ ᠳᠤ | ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠩᠰᠠᠯᠠᠬᠤ ᠶᠢ ᠬᠠᠷᠢᠭᠤᠴᠠᠨ᠎ᠠ︔ ᠨᠡᠶᠢᠭᠡᠮ ᠤᠨ ᠪᠦᠯᠬᠦᠮ ᠢ ᠪᠠᠶᠢᠭᠤᠯᠬᠤ᠂ | ᠬᠤᠪᠢᠷᠠᠭᠤᠯᠬᠤ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠵᠢᠴᠢ ᠲᠦᠷᠢᠮ ᠳᠤ ᠵᠠᠰᠠᠪᠤᠷᠢ ᠣᠷᠣᠭᠤᠯᠬᠤ ᠶᠢ | ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢ | ᠪᠠᠶᠢᠭᠤᠯᠬᠤ᠂ ᠬᠤᠪᠢᠷᠠᠭᠤᠯᠬᠤ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠵᠢᠴᠢ ᠲᠦᠷᠢᠮ ᠳᠤ ᠵᠠᠰᠠᠪᠤᠷᠢ | ᠣᠷᠣᠭᠤᠯᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ | ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠤᠷᠤᠬ ᠤᠨ | ᠪᠦᠷᠢᠳᠬᠡᠯ ᠢ ᠬᠠᠷᠢᠭᠤᠴᠠᠨ᠎ᠠ︔ ᠰᠠᠭᠤᠷᠢ ᠮᠥᠩᠭᠦᠨ ᠤ ᠨᠡᠶᠢᠭᠡᠮᠯᠢᠭ ᠤᠨ ᠪᠠᠶᠢᠭᠤᠯᠬᠤ᠂ ᠬᠤᠪᠢᠷᠠᠭᠤᠯᠬᠤ᠂ | ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠵᠢᠴᠢ ᠲᠦᠷᠢᠮ ᠳᠤ ᠵᠠᠰᠠᠪᠤᠷᠢ ᠣᠷᠣᠭᠤᠯᠬᠤ ᠶᠢ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ︔ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠮᠠᠭᠠᠳᠯᠠᠨ ᠲᠤᠭᠲᠠᠭᠠᠬᠤ | ᠶᠢ ᠬᠠᠷᠢᠭᠤᠴᠠᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠬᠤ᠂ ᠬᠤᠪᠢᠷᠠᠭᠤᠯᠬᠤ᠂ | ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠶᠢ ᠬᠠᠷᠢᠭᠤᠴᠠᠨ᠎ᠠ︔ ᠮᠡᠷᠭᠡᠵᠢᠯ ᠤᠨ ᠭᠡᠷ᠎ᠡ ᠶᠢ ᠮᠠᠭᠠᠳᠯᠠᠨ | ᠲᠣᠭᠲᠠᠭᠠᠵᠤ ᠳᠠᠩᠰᠠᠯᠠᠬᠤ ᠶᠢ ᠬᠠᠷᠢᠭᠤᠴᠠᠨ᠎ᠠ︔ ᠠᠵᠢᠯ ᠡᠷᠬᠢᠯᠡᠬᠦ ᠮᠠᠯ ᠤᠨ ᠡᠮᠴᠢ ᠶᠢ ᠳᠠᠩᠰᠠᠯᠠᠬᠤ ᠶᠢ | ᠬᠠᠷᠢᠭᠤᠴᠠᠨ᠎ᠠ︔ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠬᠠᠷᠢᠭᠤᠴᠠᠨ᠎ᠠ︔ | ᠲᠠᠷᠢᠮᠠᠯ ᠤᠨ ᠦᠷ᠎ᠡ ᠶᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠬᠠᠷᠢᠭᠤᠴᠠᠨ᠎ᠠ︔ ᠲᠦᠭᠦᠬᠡᠶ ᠰᠦ | ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ ᠬᠠᠷᠢᠭᠤᠴᠠᠨ᠎ᠠ︔ ᠲᠦᠭᠦᠬᠡᠶ ᠰᠦ ᠶᠢᠨ | ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ ᠬᠠᠷᠢᠭᠤᠴᠠᠨ᠎ᠠ︔ ᠮᠠᠯ ᠤᠨ ᠡᠮ ᠡᠵᠡᠩᠨᠡᠬᠦ | ᠵᠥᠪᠰᠢᠶᠡᠷᠡᠯ ᠢ ᠬᠠᠷᠢᠭᠤᠴᠠᠨ᠎ᠠ︔ ᠲᠠᠷᠢᠶᠠᠨ ᠡᠮ ᠡᠵᠡᠩᠨᠡᠬᠦ ᠵᠥᠪᠰᠢᠶᠡᠷᠡᠯ ᠢ ᠬᠠᠷᠢᠭᠤᠴᠠᠨ᠎ᠠ︔ ᠠᠮᠢᠲᠠᠨ ᠢ | ᠣᠨᠣᠰᠢᠯᠠᠨ ᠡᠮᠨᠡᠬᠦ ᠵᠥᠪᠰᠢᠶᠡᠷᠡᠯ ᠢ ᠬᠠᠷᠢᠭᠤᠴᠠᠨ᠎ᠠ︔ ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠢ | ᠳᠠᠩᠰᠠᠯᠠᠬᠤ᠂ ᠲᠦᠷ ᠴᠠᠭ ᠤᠨ ᠫᠠᠶᠢᠰᠠ ᠦᠨᠡᠮᠯᠡᠯ ᠣᠯᠭᠤᠬᠤ ᠶᠢ ᠬᠠᠷᠢᠭᠤᠴᠠᠨ᠎ᠠ︔ ᠲᠷᠠᠺᠲ᠋ᠣᠷ᠂ ᠬᠠᠳᠤᠵᠤ | ᠬᠤᠷᠢᠶᠠᠬᠤ ᠬᠠᠮ ᠮᠠᠰᠢᠨ ᠤ ᠵᠢᠯᠣᠭᠤᠳᠬᠤ ᠦᠨᠡᠮᠯᠡᠯ ᠢ ᠬᠢᠨᠠᠨ ᠣᠯᠭᠤᠬᠤ ᠶᠢ ᠬᠠᠷᠢᠭᠤᠴᠠᠨ᠎ᠠ︔ ᠵᠢᠭᠠᠰᠤᠨ ᠠᠵᠤ | ᠠᠬᠤᠶ ᠶᠢᠨ ᠣᠩᠭᠤᠴᠠ ᠰᠠᠯ ᠢ ᠰᠢᠯᠭᠠᠨ ᠪᠠᠶᠢᠴᠠᠭᠠᠬᠤ ᠸᠢᠰᠠ ᠶᠢ ᠬᠠᠷᠢᠭᠤᠴᠠᠨ᠎ᠠ︔ ᠵᠢᠭᠠᠰᠤᠨ ᠠᠵᠤ ᠠᠬᠤᠶ ᠶᠢᠨ | ᠣᠩᠭᠤᠴᠠ ᠰᠠᠯ ᠢ ᠳᠠᠩᠰᠠᠯᠠᠬᠤ ᠠᠵᠢᠯ ᠢ ᠬᠠᠷᠢᠭᠤᠴᠠᠨ᠎ᠠ︔ ᠵᠢᠭᠠᠰᠤᠨ ᠠᠵᠤ ᠠᠬᠤᠶ ᠶᠢᠨ ᠣᠩᠭᠤᠴᠠᠴᠢᠨ ᠤ | ᠦᠨᠡᠮᠯᠡᠯ ᠬᠢᠨᠠᠨ ᠣᠯᠭᠤᠬᠤ ᠶᠢ ᠬᠠᠷᠢᠭᠤᠴᠠᠨ᠎ᠠ︔ ᠵᠢᠭᠠᠰᠤᠨ ᠠᠵᠤ ᠠᠬᠤᠶ ᠶᠢᠨ ᠠᠩᠨᠠᠵᠤ ᠱᠦᠭᠦᠬᠦ ᠵᠥᠪᠰᠢᠶᠡᠷᠡᠯ ᠢ | ᠬᠠᠷᠢᠭᠤᠴᠠᠨ᠎ᠠ︔ ᠤᠰᠤᠨ ᠭᠠᠷᠤᠯᠲᠠ ᠶᠢᠨ ᠦᠷ᠎ᠡ ᠵᠢᠷᠠᠭᠠᠬᠠᠶ ᠶᠢ ᠦᠢᠯᠡᠳᠪᠦᠷᠢᠯᠡᠬᠦ ᠵᠥᠪᠰᠢᠶᠡᠷᠡᠯ ᠪᠠ ᠤᠰᠤᠨ | ᠭᠠᠷᠤᠯᠲᠠ ᠶᠢᠨ ᠦᠷ᠎ᠡ ᠵᠢᠷᠠᠭᠠᠬᠠᠶ ᠶᠢᠨ ᠲᠠᠯᠠᠪᠠᠢ ᠶᠢᠨ ᠬᠢᠷᠢ ᠬᠡᠮ ᠤᠨ ᠭᠡᠷᠡᠴᠢᠯᠡᠯᠲᠡ ᠶᠢ ᠬᠠᠷᠢᠭᠤᠴᠠᠨ᠎ᠠ︔ ᠤᠰᠤᠨ | ᠣᠷᠣᠨ ᠭᠤᠣᠯ ᠤᠨ ᠰᠠᠶᠢᠷᠭᠠᠯ ᠳᠤ ᠲᠡᠵᠢᠭᠡᠨ ᠦᠷᠡᠵᠢᠭᠦᠯᠬᠦ ᠵᠥᠪᠰᠢᠶᠡᠷᠡᠯ ᠢ ᠬᠠᠷᠢᠭᠤᠴᠠᠨ᠎ᠠ︔ ᠠᠵᠢᠯ ᠡᠷᠬᠢᠯᠡᠬᠦ | ᠲᠤᠰᠠᠯᠠᠬᠤ ᠮᠠᠯ ᠤᠨ ᠡᠮᠴᠢ ᠶᠢ ᠳᠠᠩᠰᠠᠯᠠᠬᠤ ᠶᠢ ᠬᠠᠷᠢᠭᠤᠴᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠵᠦᠪᠰᠢᠶᠡᠷᠡᠯ ᠢ ᠬᠠᠷᠢᠭᠤᠴᠠᠨ᠎ᠠ︔ ᠴᠠᠬᠢᠯᠭᠠᠨ ᠬᠦᠴᠦᠨ ᠤ ᠪᠡᠯᠡᠳᠬᠡᠮᠵᠢ ᠶᠢᠨ ᠬᠠᠮᠠᠭᠠᠯᠠᠯᠲᠠ ᠶᠢᠨ | ᠣᠷᠣᠨ ᠤ ᠪᠠᠷᠢᠯᠭ᠎ᠠ ᠶᠢᠨ ᠠᠵᠢᠯ ᠤᠨ ᠬᠢᠨᠡᠨ ᠵᠦᠪᠰᠢᠶᠡᠷᠡᠬᠦ ᠶᠢ ᠬᠠᠷᠢᠭᠤᠴᠠᠨ᠎ᠠ︔ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠲᠦᠷᠦᠯ ᠵᠦᠢᠯ ᠤᠨ ᠡᠨᠧᠷᠭᠢ | ᠠᠷᠪᠢᠯᠠᠬᠤ ᠶᠢ ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠨᠡᠭᠦᠷᠡᠰᠦᠨ ᠤ ᠡᠵᠡᠩᠨᠡᠯᠲᠡ ᠶᠢᠨ | ᠠᠵᠤ ᠠᠬᠤᠶᠢᠯᠠᠯ ᠢ ᠳᠠᠩᠰᠠᠯᠠᠬᠤ ᠶᠢ ᠬᠠᠷᠢᠭᠤᠴᠠᠨ᠎ᠠ︔ ᠡᠩ ᠤᠨ ᠠᠵᠤ ᠦᠢᠯᠡᠳᠪᠦᠷᠢ ᠶᠢᠨ ᠲᠥᠷᠥᠯ ᠵᠦᠢᠯ ᠵᠢᠴᠢ | ᠡᠩ ᠤᠨ ᠴᠢᠨᠠᠷᠲᠠᠶ ᠮᠡᠷᠭᠡᠵᠢᠯ ᠤᠨ ᠥᠭᠡᠷᠡᠴᠢᠯᠡᠯᠲᠡ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ | ᠳᠠᠩᠰᠠᠯᠠᠬᠤ ᠶᠢ ᠬᠠᠷᠢᠭᠤᠴᠠᠨ᠎ᠠ︔ ᠡᠷᠬᠡ ᠮᠡᠳᠡᠯ ᠤᠨ ᠬᠡᠪᠴᠢᠶᠡᠨ ᠳᠠᠬᠢ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠳᠠᠩᠰᠠᠯᠠᠬᠤ ᠶᠢ | ᠬᠠᠷᠢᠭᠤᠴᠠᠨ᠎ᠠ︔ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ ᠬᠢᠨᠠᠨ ᠬᠠᠷᠭᠤᠭᠤᠯᠬᠤ ᠠᠵᠢᠯ ᠢ | ᠬᠠᠷᠢᠭᠤᠴᠠᠨ᠎ᠠ︔ ᠲᠡᠷᠭᠡᠨ ᠵᠣᠭᠰᠣᠭᠠᠯ ᠳᠤ ᠡᠵᠡᠩᠨᠡᠯᠲᠡ ᠬᠢᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ ︵30 | ᠲᠡᠷᠭᠡᠨ ᠵᠣᠭᠰᠣᠭᠠᠯ ᠤᠨ ᠳᠣᠲᠣᠷ᠎ᠠ᠂ 900 ᠲᠡᠭᠰᠢ ᠳᠥᠷᠪᠡᠯᠵᠢᠨ ᠮᠧᠲᠷ ᠠᠴᠠ ᠳᠣᠷᠣᠭᠰᠢ︶︔ ᠬᠤᠲᠠ ᠶᠢᠨ | ᠣᠯᠠᠨ ᠨᠡᠶᠢᠲᠡ ᠶᠢᠨ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠵᠦ ᠤᠬᠠᠭᠤᠯᠭ᠎ᠠ᠂ ᠪᠠᠶᠠᠷ ᠤᠨ ᠶᠣᠰᠣᠯᠠᠯ᠂ | ᠪᠠᠶᠠᠷ ᠳᠤᠷᠠᠰᠬᠠᠯ ᠤᠨ ᠡᠳᠦᠷ᠂ ᠬᠤᠳᠠᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠬᠢᠬᠦ ᠵᠠᠰᠠᠭ ᠵᠠᠬᠢᠷᠭᠠᠨ ᠤ | ᠵᠥᠪᠰᠢᠶᠡᠷᠡᠯ ᠢ ᠬᠠᠷᠢᠭᠤᠴᠠᠨ᠎ᠠ︔ ᠭᠡᠷ ᠤᠨ ᠭᠠᠳᠠᠨᠠᠬᠢ ᠵᠠᠷ ᠮᠡᠳᠡᠭᠡ ᠪᠠᠶᠢᠷᠢᠯᠠᠭᠤᠯᠬᠤ ᠶᠢ ᠵᠥᠪᠰᠢᠶᠡᠷᠡᠬᠦ᠂ ᠨᠡᠶᠢᠲᠡᠯᠡᠬᠦ᠂ | ᠡᠯᠭᠦᠬᠦ᠂ ᠨᠠᠭᠠᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠣᠯᠠᠨ ᠨᠡᠢᠲᠡ ᠶᠢᠨ ᠲᠡᠷᠭᠡᠨ ᠵᠣᠭᠰᠣᠭᠠᠯ ᠤᠨ | ᠡᠵᠡᠩᠨᠡᠭᠴᠢ ᠶᠢ ᠳᠠᠩᠰᠠᠯᠠᠬᠤ ᠠᠵᠢᠯ ᠢ ᠬᠠᠷᠢᠭᠤᠴᠠᠨ᠎ᠠ᠃ ᠨᠢᠭᠲᠠᠯᠠᠨ ᠪᠣᠳᠣᠭᠴᠢ ᠶᠢᠨ ᠣᠷᠣᠯᠠᠨ ᠳᠠᠩᠰᠠᠯᠠᠬᠤ | ᠲᠤᠬᠠᠶᠢᠯᠠᠭᠰᠠᠨ ᠠᠵᠢᠯ ᠢ ᠡᠷᠬᠢᠯᠡᠬᠦ ᠵᠥᠪᠰᠢᠶᠡᠷᠡᠯ ᠢ ᠬᠠᠷᠢᠭᠤᠴᠠᠨ᠎ᠠ︔ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠬᠠᠷᠢᠭᠤᠴᠠᠨ᠎ᠠ︔ ᠣᠩᠭᠤᠴᠠ | ᠰᠠᠯ ᠤᠨ ᠲᠤᠰᠦᠠ ᠤ ᠪᠣᠬᠢᠷᠲᠤᠯ ᠤᠨ ᠬᠤᠬᠢᠷᠠᠯ ᠤᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠦᠨᠡᠮᠯᠡᠯ ᠪᠤᠶᠤ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠦᠨᠡᠮᠯᠡᠯ ᠢ ᠬᠢᠨᠠᠨ ᠤᠯᠭᠤᠬᠤ ᠶᠢ ᠬᠠᠷᠢᠭᠤᠴᠠᠨ᠎ᠠ︔ | ᠣᠩᠭᠤᠴᠠᠴᠢᠨ ᠤ ᠲᠤᠰᠢᠶᠠᠯ ᠳᠤ ᠳᠣᠭᠢᠷᠠᠬᠤ ᠦᠨᠡᠮᠯᠡᠯ ᠢ ᠬᠢᠨᠠᠨ ᠣᠯᠭᠤᠬᠤ ᠶᠢ ᠬᠠᠷᠢᠭᠤᠴᠠᠨ᠎ᠠ︔ ᠣᠩᠭᠤᠴᠠ | ᠰᠠᠯ ᠢ ᠳᠠᠩᠰᠠᠯᠠᠭᠤᠯᠬᠤ ᠵᠥᠪᠰᠢᠶᠡᠷᠡᠯ ᠢ ᠬᠠᠷᠢᠭᠤᠴᠠᠨ᠎ᠠ︔ ᠣᠩᠭᠤᠴᠠ ᠰᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ | ᠠᠵᠢᠯ ᠢ ᠬᠠᠷᠢᠭᠤᠴᠠᠨ᠎ᠠ︔ ᠰᠢᠨ᠎ᠡ ᠪᠠᠷ ᠨᠡᠮᠡᠭᠳᠡᠭᠰᠡᠨ ᠡᠩ ᠤᠨ ᠪᠠᠷᠠᠭᠠᠨ ᠤ ᠣᠩᠭᠤᠴᠠ ᠶᠢᠨ ᠲᠡᠭᠡᠭᠡᠪᠦᠷᠢᠯᠡᠬᠦ | ᠬᠦᠴᠦᠨ ᠢ ᠳᠠᠩᠰᠠᠯᠠᠬᠤ ᠶᠢ ᠬᠠᠷᠢᠭᠤᠴᠠᠨ᠎ᠠ︔ ᠭᠤᠣᠯ ᠤᠨ ᠵᠠᠮ ᠠᠴᠠ ᠡᠯᠡᠰᠦ ᠮᠠᠯᠲᠠᠬᠤ ᠵᠥᠪᠰᠢᠶᠡᠷᠡᠯ ᠢ | ᠬᠠᠷᠢᠭᠤᠴᠠᠨ᠎ᠠ︔ ᠤᠰᠤ ᠲᠠᠲᠠᠬᠤ ᠡᠷᠬᠡ ᠶᠢ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ ᠵᠥᠪᠰᠢᠶᠡᠷᠡᠬᠦ ᠶᠢ | ᠬᠠᠷᠢᠭᠤᠴᠠᠨ᠎ᠠ︔ ᠤᠰᠤ ᠲᠠᠲᠠᠬᠤ ᠵᠥᠪᠰᠢᠶᠡᠷᠡᠯ ᠢ ᠬᠠᠷᠢᠭᠤᠴᠠᠨ᠎ᠠ︔ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠦᠪᠰᠢᠶᠡᠷᠡᠬᠦ ᠶᠢ | ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ︔ | ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ᠂ ᠤᠰᠤᠯᠠᠬᠤ ᠤᠰᠤ ᠵᠠᠯᠠᠬᠤ ᠪᠠᠷᠢᠯᠭ᠎ᠠ ᠶᠢᠨ | ᠲᠥᠬᠦᠭᠡᠷᠦᠮᠵᠢ ᠶᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ︔ ᠬᠤᠳᠠ ᠶᠢᠨ ᠪᠦᠳᠦᠭᠡᠨ ᠪᠠᠶᠢᠭᠤᠯᠤᠯᠲᠠ ᠶᠢᠨ | ᠤᠰᠤᠨ ᠣᠷᠣᠨ ᠢ ᠪᠥᠭᠯᠡᠬᠦ᠂ ᠬᠠᠰᠢᠯᠭ᠎ᠠ ᠶᠢ ᠬᠦᠴᠦᠨ ᠦᠭᠡᠢ ᠪᠤᠯᠭᠠᠬᠤ ᠶᠢᠨ ᠬᠢᠨᠠᠨ ᠬᠠᠷᠭᠤᠭᠤᠯᠤᠯᠲᠠ ᠶᠢ | ᠬᠠᠷᠢᠭᠤᠴᠠᠨ᠎ᠠ︔ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠦᠶᠡᠷ ᠢ ᠰᠡᠷᠭᠡᠶᠢᠯᠡᠬᠦ ᠪᠤᠰᠤ | ᠠᠵᠢᠯᠯᠠᠭ᠎ᠠ ︵ᠭᠤᠤᠯ ᠤᠨ ᠵᠠᠮ ᠠᠴᠠ ᠡᠯᠡᠰᠦ ᠮᠠᠯᠲᠠᠬᠤ ᠪᠠᠭᠲᠠᠬᠤ ᠥᠬᠡᠶ︶ ᠬᠢᠬᠦ ᠶᠢ ᠵᠥᠪᠰᠢᠶᠡᠷᠡᠬᠦ ᠶᠢ | ᠬᠠᠷᠢᠭᠤᠴᠠᠨ᠎ᠠ︔ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠴᠥᠭᠦᠷᠥᠮ ᠪᠠᠶᠢᠭᠤᠯᠬᠤ ᠶᠢ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ︔ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠤᠰᠤ ᠬᠠᠩᠭᠠᠬᠤ ᠢᠨᠵᠧᠨᠧᠷᠢᠩ ᠢ ᠬᠢᠨᠠᠨ | ᠪᠠᠶᠢᠴᠠᠭᠠᠬᠤ ᠶᠢ ᠬᠠᠷᠢᠭᠤᠴᠠᠨ᠎ᠠ︔ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠨ ᠤᠭᠰᠠᠷᠠᠬᠤ᠂ | ᠨᠤᠷᠠᠭᠠᠬᠤ ᠪᠤᠶᠤ ᠨᠡᠭᠦᠯᠭᠡᠬᠦ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠪᠡᠯᠡᠳᠬᠡᠮᠵᠢ ᠶᠢ ᠬᠢᠨᠠᠨ | ᠵᠦᠪᠰᠢᠶᠡᠷᠡᠬᠦ ᠶᠢ ᠬᠠᠷᠢᠭᠤᠴᠠᠨ᠎ᠠ︔ ᠬᠥᠳᠡᠭᠡ ᠲᠣᠰᠬᠤᠨ ᠤ ᠡᠮᠴᠢ ᠶᠢᠨ ᠠᠵᠢᠯ ᠡᠷᠭᠢᠯᠡᠬᠦ ᠳᠡᠩᠰᠡᠯᠡᠯᠲᠡ ᠶᠢ | ᠬᠠᠷᠢᠭᠤᠴᠠᠨ᠎ᠠ︔ ᠣᠯᠠᠨ ᠨᠡᠶᠢᠲᠡ ᠶᠢᠨ ᠲᠠᠯᠠᠪᠤᠷ ᠭᠠᠵᠠᠷ ︵ᠴᠡᠴᠡᠷᠯᠢᠭ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠠᠴᠠ ᠪᠤᠰᠤᠳ︶ ᠤᠨ ᠡᠷᠡᠭᠦᠯ ᠬᠠᠮᠠᠭᠠᠯᠠᠯ ᠤᠨ | ᠵᠥᠪᠰᠢᠶᠡᠷᠡᠯ ᠶᠢ ᠬᠠᠷᠢᠭᠤᠴᠠᠨ᠎ᠠ︔ ᠤᠤᠭᠤᠬᠤ ᠤᠰᠤ ᠬᠠᠩᠭᠠᠬᠤ ᠨᠢᠭᠡᠴᠢ ᠶᠢᠨ ᠠᠷᠢᠭᠤᠨ ᠴᠡᠪᠡᠷ ᠤᠨ | ᠵᠥᠪᠰᠢᠶᠡᠷᠡᠯ ᠢ ᠬᠠᠷᠢᠭᠤᠴᠠᠨ᠎ᠠ︔ ᠰᠤᠪᠢᠯᠠᠭᠴᠢ ᠶᠢᠨ ᠠᠵᠢᠯ ᠡᠷᠭᠢᠯᠡᠬᠦ ᠳᠡᠩᠰᠡᠯᠡᠯᠲᠡ ︵ᠨᠢᠭᠡᠳᠦᠭᠡᠷ ᠳᠡᠰ ᠵᠢᠴᠢ | ᠲᠣᠭᠲᠠᠭᠠᠭᠰᠠᠨ ᠥᠬᠡᠶ ᠲᠠᠰ︶ ᠶᠢ ᠬᠠᠷᠢᠭᠤᠴᠠᠨ᠎ᠠ︔ ᠭᠤᠷᠪᠠᠨ ᠬᠡᠤᠬᠡᠳ ᠵᠢᠴᠢ ᠭᠤᠷᠪᠠᠨ ᠬᠡᠤᠬᠡᠳ ᠠᠴᠠ ᠳᠡᠭᠡᠭᠰᠢ | ᠳᠠᠭᠢᠵᠤ ᠬᠡᠤᠬᠡᠳ ᠠᠪᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠲᠡᠤᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠨᠢᠭᠡᠴᠢ ᠶᠢᠨ ᠰᠡᠯᠪᠢᠨ ᠵᠠᠰᠠᠬᠤ ᠵᠥᠪᠰᠢᠶᠡᠷᠡᠯ ︵ᠬᠤᠰᠢᠭᠤ ᠰᠢᠶᠠᠨ ᠤ ᠱᠠᠲᠤᠨ ᠤ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ︶ ᠢ ᠬᠠᠷᠢᠭᠤᠴᠠᠨ᠎ᠠ︔ | ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ ᠪᠠ ᠬᠤᠪᠢᠷᠠᠭᠤᠯᠬᠤ ᠶᠢ ᠬᠠᠷᠢᠭᠤᠴᠠᠨ᠎ᠠ︔ ᠢᠨᠲ᠋ᠧᠷ ᠰᠦᠯᠵᠢᠶᠡᠨ ᠤ | ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠤᠯᠬᠤ | ᠵᠥᠪᠰᠢᠶᠡᠷᠡᠯ ᠢ ᠬᠠᠷᠢᠭᠤᠴᠠᠨ᠎ᠠ︔ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠡᠷᠭᠢᠯᠡᠬᠦ ᠵᠢᠴᠢ | ᠥᠷᠲᠡᠭᠡ ᠴᠡᠭ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠡᠵᠡᠩᠨᠡᠯᠲᠡ ᠶᠢᠨ ᠴᠢᠨᠠᠷᠲᠠᠶ | ᠲᠣᠭᠯᠠᠯᠲᠠ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ | ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠪᠠᠶᠢᠭᠤᠯᠬᠤ ᠪᠠᠷ ᠭᠤᠶᠤᠴᠢᠯᠠᠬᠤ ᠪᠠ ᠬᠤᠪᠢᠷᠠᠭᠤᠯᠬᠤ ᠶᠢ | ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ | ᠭᠤᠶᠤᠴᠢᠯᠠᠬᠤ ᠪᠠ ᠬᠤᠪᠢᠷᠠᠭᠤᠯᠬᠤ ᠶᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠵᠢᠭᠤᠯᠴᠢᠯᠠᠯ ᠤᠨ ᠭᠠᠵᠠᠷ ᠤᠨ | ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠶᠢ ᠬᠠᠷᠢᠭᠤᠴᠠᠨ᠎ᠠ︔ ᠵᠢᠭᠤᠯᠴᠢᠯᠠᠯ ᠤᠨ ᠭᠠᠵᠠᠷ ᠤᠨ ᠬᠤᠪᠢᠶᠠᠷᠢ | ᠬᠤᠷᠢᠶ᠎ᠠ ᠪᠠᠶᠢᠭᠤᠯᠵᠤ ᠳᠠᠩᠰᠠᠯᠠᠭᠤᠯᠬᠤ ᠶᠢ ᠬᠠᠷᠢᠭᠤᠴᠠᠨ᠎ᠠ︔ ᠤᠷᠠᠯᠢᠭ ᠤᠨ ᠪᠦᠲᠦᠭᠡᠯ ᠤᠨ ᠡᠵᠡᠩᠨᠡᠯᠲᠡ ᠶᠢᠨ | ᠠᠵᠢᠯᠯᠠᠭ᠎ᠠ ᠬᠢᠵᠦ ᠪᠠᠶᠢᠭ᠎ᠠ ᠡᠵᠡᠩᠨᠡᠯᠲᠡ ᠶᠢᠨ ᠨᠢᠭᠡᠴᠢ ᠶᠢ ᠳᠠᠩᠰᠠᠯᠠᠬᠤ ᠶᠢ ᠬᠠᠷᠢᠭᠤᠴᠠᠨ᠎ᠠ︔ ᠲᠣᠭᠯᠠᠯᠲᠠ ᠶᠢᠨ | ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ ᠶᠢ ᠳᠠᠩᠰᠠᠯᠠᠬᠤ ᠶᠢ ᠬᠠᠷᠢᠭᠤᠴᠠᠨ᠎ᠠ︔ ᠬᠤᠪᠢ ᠶᠢᠨ ᠲᠣᠭᠯᠠᠭᠴᠢ᠂ | ᠬᠤᠪᠢ ᠶᠢᠨ ᠲᠣᠭᠯᠠᠯᠲᠠ ᠶᠢᠨ ᠵᠠᠭᠤᠴᠢᠯᠠᠭᠴᠢ ᠶᠢ ᠳᠠᠩᠰᠠᠯᠠᠬᠤ ᠶᠢ ᠬᠠᠷᠢᠭᠤᠴᠠᠨ᠎ᠠ︔ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠡᠷᠭᠢᠯᠡᠬᠦ ᠵᠥᠪᠰᠢᠶᠡᠷᠡᠯ ᠢ ᠬᠠᠷᠢᠭᠤᠴᠠᠨ᠎ᠠ ︵ᠪᠥᠬᠦ ᠬᠤᠲᠠ ᠶᠢᠨ ᠴᠢᠨᠠᠷᠲᠠᠶ︶︔ | ᠲᠠᠮᠢᠷᠴᠢᠨ ᠤ ᠵᠡᠷᠭᠡ ᠳᠡᠰ ᠤᠨ ᠴᠣᠯᠠ ᠣᠯᠭᠤᠬᠤ ︵ᠭᠤᠷᠪᠠᠳᠤᠭᠠᠷ ᠳᠡᠰ︶ ᠶᠢ ᠬᠠᠷᠢᠭᠤᠴᠠᠨ᠎ᠠ︔ ᠭᠤᠷᠪᠠᠳᠤᠭᠠᠷ | ᠳᠡᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠭᠴᠢ ᠶᠢᠨ ᠬᠢᠷᠢ ᠬᠡᠮ ᠢ ᠭᠡᠷᠡᠴᠢᠯᠡᠬᠦ ᠶᠢ ᠬᠠᠷᠢᠭᠤᠴᠠᠨ᠎ᠠ︔ | ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠳᠣᠭᠢᠷᠠᠭᠤᠯᠵᠤ ᠬᠢᠯᠢ ᠶᠢᠨ ᠳᠣᠲᠣᠷᠠᠬᠢ | ᠳᠠᠭᠠᠭᠤᠯᠢ ᠣᠳᠣᠨ ᠤ ᠲᠧᠯᠸᠢᠰ ᠤᠨ ᠫᠷᠤᠭ᠍ᠷᠠᠮ ᠢ ᠭᠥᠯᠢᠶᠡᠨ ᠠᠪᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ ︵ | ᠠᠩᠬᠠᠨ ᠤ ᠬᠢᠨᠠᠯᠲᠠ︶︔ ᠳᠠᠭᠠᠭᠤᠯᠢ ᠣᠳᠣᠨ ᠤ ᠳᠠᠮᠵᠢᠭᠤᠯᠭ᠎ᠠ ᠶᠢᠨ ᠬᠢᠯᠢ ᠶᠢᠨ ᠭᠠᠳᠠᠨᠠᠬᠢ ᠲᠧᠯᠸᠢᠰ ᠤᠨ | ᠫᠷᠤᠭ᠍ᠷᠠᠮ ᠤᠨ ᠬᠢᠨᠠᠨ ᠵᠥᠪᠰᠢᠶᠡᠷᠡᠯ ᠢ ᠭᠥᠯᠢᠶᠡᠨ ᠠᠪᠬᠤ ᠶᠢ ᠬᠠᠷᠢᠭᠤᠴᠠᠨ᠎ᠠ︔ ︵ᠠᠩᠬᠠᠨ ᠤ ᠬᠢᠨᠠᠯᠲᠠ︶︔ ᠠᠷᠤ | ᠲᠠᠯ᠎ᠠ ᠶᠢᠨ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠨᠢᠭᠡ ᠴᠤᠭᠴᠠᠵᠢᠭᠤᠯᠬᠤ ᠵᠡᠷᠭᠡ ᠠᠵᠢᠯ ᠢ ᠠᠬᠢᠭᠤᠯᠤᠨ᠎ᠠ᠃ | ︵ᠲᠠᠪᠤ︶ ᠬᠠᠶᠢᠨ ᠰᠢᠯᠭᠠᠬᠤ ᠲᠠᠰᠤᠭ᠃ ᠲᠣᠰ ᠲᠣᠪᠴᠢᠶ᠎ᠠ ᠶᠢᠨ ᠳᠠᠭᠠᠭᠠᠨ ᠭᠦᠢᠴᠡᠳᠭᠡᠬᠦ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ ᠪᠥᠬᠦ ᠶᠠᠪᠤᠴᠠ ᠳᠤ | ᠬᠤᠯᠪᠣᠭᠳᠠᠬᠤ ᠲᠤᠬᠠᠶ ᠶᠢᠨ ᠲᠠᠯᠠᠪᠠᠶ ᠶᠢᠨ ᠬᠠᠶᠢᠨ ᠰᠢᠨᠵᠢᠬᠦ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ | ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ︔ | ᠬᠠᠶᠢᠨ ᠰᠢᠯᠭᠠᠯᠲᠠ ᠶᠢᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ︔ ᠬᠠᠶᠢᠨ | ᠰᠢᠯᠭᠠᠭᠰᠠᠨ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠲᠠᠪᠴᠠᠩ ᠤᠨ | ᠡᠯᠧᠺᠲᠷᠤᠨᠴᠢᠯᠡᠭᠰᠡᠨ ᠲᠤᠭ᠎ᠠ ᠪᠠᠷᠢᠮᠲᠠ ᠶᠢ ᠬᠠᠶᠢᠨ ᠰᠢᠯᠭᠠᠬᠤ ᠲᠠᠩᠰᠠᠨ ᠡᠷᠦᠬᠡ ᠶᠢᠨ ᠡᠳᠦᠷ ᠲᠤᠲᠤᠮ ᠤᠨ | ᠬᠠᠮᠢᠶᠠᠷᠤᠯᠲᠠ ᠶᠢ ᠬᠠᠷᠢᠭᠤᠴᠠᠨ᠎ᠠ︔ ᠥᠪᠡᠷᠲᠡᠭᠡᠨ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠵᠤ ᠬᠢᠨᠠᠨ ᠲᠣᠭᠲᠠᠭᠠᠬᠤ ᠶᠢ ᠨᠢᠭᠡᠳᠦᠯᠲᠡᠶ ᠲᠥᠯᠥᠪᠯᠡᠨ | ᠳᠣᠭᠢᠷᠠᠭᠤᠯᠬᠤ ᠶᠢ ᠬᠠᠷᠢᠭᠤᠴᠠᠨ᠎ᠠ︔ ᠬᠠᠶᠢᠨ ᠰᠢᠯᠭᠠᠬᠤ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠵᠢᠴᠢ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠶᠢ ᠬᠠᠷᠢᠭᠤᠴᠠᠨ᠎ᠠ︔ ᠬᠠᠶᠢᠨ ᠰᠢᠯᠭᠠᠬᠤ᠂ ᠬᠢᠨᠠᠨ ᠲᠣᠭᠲᠠᠭᠠᠬᠤ | ᠰᠠᠨᠠᠯ ᠳᠤᠷᠠᠳᠬᠤ ᠶᠢ ᠬᠠᠷᠢᠭᠤᠴᠠᠨ᠎ᠠ᠃ ᠲᠣᠰ ᠲᠣᠪᠴᠢᠶ᠎ᠠ ᠶᠢᠨ ᠳᠠᠭᠠᠭᠠᠨ ᠭᠦᠢᠴᠡᠳᠭᠡᠬᠦ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ ᠪᠥᠬᠦ ᠶᠠᠪᠤᠴᠠ ᠳᠤ ᠬᠤᠯᠪᠣᠭᠳᠠᠬᠤ | ᠲᠤᠬᠠᠶ ᠶᠢᠨ ᠲᠠᠯᠠᠪᠠᠶ ᠶᠢᠨ ᠬᠠᠶᠢᠨ ᠰᠢᠨᠵᠢᠬᠦ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠴᠡᠭᠴᠡᠯᠡᠨ | ᠰᠠᠶᠢᠵᠢᠷᠠᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ︔ ᠬᠠᠶᠢᠨ | ᠰᠢᠯᠭᠠᠯᠲᠠ ᠶᠢᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ︔ ᠬᠠᠶᠢᠨ | ᠰᠢᠯᠭᠠᠭᠰᠠᠨ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠲᠠᠪᠴᠠᠩ ᠤᠨ | ᠡᠯᠧᠺᠲᠷᠤᠨᠴᠢᠯᠡᠭᠰᠡᠨ ᠲᠤᠭ᠎ᠠ ᠪᠠᠷᠢᠮᠲᠠ ᠶᠢ ᠬᠠᠶᠢᠨ ᠰᠢᠯᠭᠠᠬᠤ ᠲᠠᠩᠰᠠᠨ ᠡᠷᠦᠬᠡ ᠶᠢᠨ ᠡᠳᠦᠷ ᠲᠤᠲᠤᠮ ᠤᠨ | ᠬᠠᠮᠢᠶᠠᠷᠤᠯᠲᠠ ᠶᠢ ᠬᠠᠷᠢᠭᠤᠴᠠᠨ᠎ᠠ︔ ᠥᠪᠡᠷᠲᠡᠭᠡᠨ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠵᠤ ᠬᠢᠨᠠᠨ ᠲᠣᠭᠲᠠᠭᠠᠬᠤ ᠶᠢ ᠨᠢᠭᠡᠳᠦᠯᠲᠡᠶ ᠲᠥᠯᠥᠪᠯᠡᠨ | ᠳᠣᠭᠢᠷᠠᠭᠤᠯᠬᠤ ᠶᠢ ᠬᠠᠷᠢᠭᠤᠴᠠᠨ᠎ᠠ︔ ᠬᠠᠶᠢᠨ ᠰᠢᠯᠭᠠᠬᠤ ᠰᠠᠯᠠᠭ᠎ᠠ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ | ᠲᠦᠷᠢᠮ ᠵᠢᠴᠢ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠶᠢ ᠬᠠᠷᠢᠭᠤᠴᠠᠨ᠎ᠠ︔ ᠬᠠᠶᠢᠨ ᠰᠢᠯᠭᠠᠬᠤ᠂ ᠬᠢᠨᠠᠨ | ᠲᠣᠭᠲᠠᠭᠠᠬᠤ ᠰᠠᠨᠠᠯ ᠳᠤᠷᠠᠳᠬᠤ ᠵᠡᠷᠭᠡ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠦᠨᠡᠮᠯᠡᠯ ᠤᠯᠭᠤᠬᠤ ᠶᠢ ᠬᠦᠯᠢᠶᠡᠨ ᠠᠪᠴᠤ ᠰᠢᠢᠳᠪᠦᠷᠢᠯᠡᠬᠦ ᠲᠠᠰᠤᠭ᠃ ︽ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠥᠭᠡᠷᠡᠴᠢᠯᠡᠯᠲᠡ ᠶᠢ | ᠬᠠᠷᠢᠭᠤᠴᠠᠨ ᠠᠬᠢᠭᠤᠯᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ | ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ︔ ᠠᠰᠠᠭᠤᠨ ᠯᠠᠪᠯᠠᠬᠤ᠂ ᠬᠥᠲᠥᠯᠥᠨ | ᠵᠢᠯᠣᠭᠤᠳᠬᠤ ᠠᠵᠢᠯ ᠢ ᠬᠠᠷᠢᠭᠤᠴᠠᠨ᠎ᠠ︔ ᠪᠠᠷᠢᠨ ᠭᠦᠢᠴᠡᠳᠭᠡᠬᠦ ᠪᠤᠰᠤ ᠲᠥᠷᠥᠯ ᠤᠨ ᠬᠢᠨᠠᠨ ᠵᠥᠪᠰᠢᠶᠡᠷᠡᠬᠦ | ᠵᠦᠢᠯᠡᠰ ᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠵᠦ᠂ ᠵᠥᠪᠰᠢᠶᠡᠷᠡᠯ ᠤᠨ ᠦᠨᠡᠮᠯᠡᠯ ᠢ ᠨᠢᠭᠡ ᠯᠡ ᠳᠡᠭᠡᠷ᠎ᠡ | ᠬᠦᠷᠭᠡᠬᠦ ᠠᠵᠢᠯ ᠢ ᠬᠠᠷᠢᠭᠤᠴᠠᠨ᠎ᠠ︔ ᠬᠡᠷᠡᠭ ᠡᠷᠬᠢᠯᠡᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠵᠤ᠂ ᠭᠤᠶᠤᠴᠢᠯᠠᠯ ᠤᠨ ᠮᠠᠲ᠋ᠧᠷᠢᠶᠠᠯ ᠢ ᠨᠢᠭᠡ ᠯᠡ ᠳᠡᠭᠡᠷ᠎ᠡ ᠮᠡᠳᠡᠭᠳᠡᠨ᠎ᠡ︔ ᠮᠡᠳᠡᠭᠦᠯᠬᠦ ᠮᠠᠲ᠋ᠧᠷᠢᠶᠠᠯ ᠢ | ᠬᠢᠨᠠᠨ ᠰᠢᠯᠭᠠᠬᠤ᠂ ᠲᠤᠰᠢᠶᠠᠨ ᠰᠢᠢᠳᠪᠦᠷᠢᠯᠡᠭᠦᠯᠬᠦ᠂ ᠲᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ︔ ᠨᠡᠶᠢᠯᠡᠭᠦᠯᠦᠨ ᠬᠤᠯᠪᠣᠵᠤ ᠬᠢᠨᠠᠨ ᠵᠥᠪᠰᠢᠶᠡᠷᠡᠬᠦ ᠰᠢᠨᠵᠢ ᠴᠢᠨᠠᠷ ᠲᠠᠢ ᠴᠢᠬᠤᠯᠠ | ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | ᠮᠠᠨ ᠤ ᠲᠣᠪᠴᠢᠶ᠎ᠠ ᠴᠢᠳᠠᠮᠵᠢ ᠨᠢ ᠨᠠᠩ ᠪᠦᠷᠢᠨ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠨᠠᠩ ᠥᠨᠳᠥᠷ | ᠪᠦᠲᠦᠮᠵᠢᠲᠡᠶ᠂ ᠣᠷᠴᠢᠨ ᠠᠬᠤᠶ ᠨᠢ ᠨᠠᠩ ᠬᠠᠯᠠᠭᠤᠨ ᠳᠤᠯᠠᠭᠠᠨ᠂ ᠦᠢᠯᠡᠴᠢᠯᠡᠭᠡ ᠨᠢ ᠨᠠᠩ ᠬᠠᠨᠤᠮᠵᠢᠲᠠᠶ | ᠵᠠᠰᠠᠭ ᠤᠨ ᠶᠠᠪᠤᠳᠠᠯ ᠤᠨ ᠲᠢᠩᠬᠢᠮ ᠢ ᠬᠦᠴᠦᠯᠡᠨ ᠪᠣᠶ ᠪᠣᠯᠭᠠᠪᠠ᠃ ᠶᠡᠭᠡ ᠲᠢᠩᠬᠢᠮ ᠳᠤ ᠠᠵᠤ ᠠᠬᠤᠶᠢᠯᠠᠯ ᠨᠡᠭᠡᠭᠡᠨ | ᠡᠷᠭᠢᠯᠡᠬᠦ᠂ ᠣᠷᠤᠭ ᠤᠨ ᠳᠡᠩᠰᠡᠯᠡᠯᠲᠡ ᠬᠢᠬᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠢ ᠭᠦᠢᠴᠡᠳᠭᠡᠬᠦ ᠲᠣᠭᠤᠷᠢᠭ ᠵᠢᠴᠢ ᠨᠢᠭᠤᠷ ᠵᠣᠯᠭᠠᠬᠤ ᠥᠬᠡᠶ ᠪᠠᠷ ᠬᠢᠨᠠᠨ | ᠵᠥᠪᠰᠢᠶᠡᠷᠡᠬᠦ ᠵᠡᠷᠭᠡ ᠲᠤᠰᠬᠠᠶ ᠲᠣᠭᠤᠷᠢᠭ ᠭᠠᠷᠭᠠᠵᠤ᠂ ᠨᠡᠶᠢᠲᠡ 109 ᠴᠣᠩᠬᠤ ᠲᠠᠢ᠂ ᠡᠯ᠎ᠡ ᠵᠥᠪᠯᠡᠯ ᠠᠯᠪᠠᠨ ᠬᠡᠷ | ᠲᠣᠪᠴᠢᠶ᠎ᠠ ᠶᠢᠨ 25 ᠰᠠᠯᠠᠭ᠎ᠠ ᠮᠥᠴᠢᠷ ᠲᠤ ᠣᠷᠣᠵᠤ ᠰᠠᠭᠤᠭᠰᠠᠨ ᠪᠥᠭᠡᠳ ᠵᠢᠷᠭᠤᠭᠠᠨ ᠲᠥᠷᠥᠯ ᠤᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ 466᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 173 | ᠭᠤᠶᠤᠴᠢᠯᠠᠭᠰᠠᠨ ᠢᠶᠠᠷ ᠣᠷᠣᠵᠤ ᠰᠠᠭᠤᠬᠤ ᠶᠣᠰᠣᠲᠠᠶ ᠵᠦᠢᠯᠡᠰ ᠤᠨ ᠬᠠᠷᠢᠴᠠᠯ ᠢ 100% ᠪᠠᠷ ᠪᠡᠶᠡᠯᠡᠭᠦᠯᠪᠡ᠃ | ᠡᠭᠦᠨ ᠤ ᠬᠠᠮᠲᠤ᠂ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠥᠬᠡᠶ︾᠂ ︽ᠨᠢᠭᠡ ᠤᠴᠢᠷ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠵᠡᠷᠭᠡ ᠴᠣᠩᠬᠤ ᠶᠢ ᠨᠡᠮᠡᠨ ᠪᠠᠶᠢᠭᠤᠯᠵᠤ᠂ ᠨᠢᠭᠡᠳᠦᠭᠡᠷ ᠳᠠᠪᠬᠤᠷᠯᠢᠭ ᠤᠨ ᠶᠡᠭᠡ | ᠲᠢᠩᠬᠢᠮ ᠳᠤ 7 × 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠬᠡᠲᠦ | ᠳᠡᠯᠭᠡᠭᠦᠷ ᠭᠠᠷᠭᠠᠪᠠ᠃ | ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠨᠢ ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠠᠮᠤᠭ ᠤᠨ ᠲᠥᠬᠦᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠠᠮᠤᠭ ᠤᠨ ᠰᠢᠯᠢᠳᠡᠭ︾ ᠪᠠᠶᠢᠯᠭᠠᠬᠤ ᠶᠢ ᠪᠡᠶᠡᠯᠡᠭᠦᠯᠬᠦ ᠪᠠᠷ ᠠᠵᠢᠯ ᠤᠨ | ᠬᠠᠷᠠᠯᠲᠠ ᠪᠠᠨ ᠪᠣᠯᠭᠠᠵᠤ᠂ ᠣᠯᠠᠨ ᠲᠦᠮᠡᠨ ᠤ ︽ᠬᠠᠨᠤᠮᠵᠢᠲᠠᠶ ᠪᠠᠶᠢᠬᠤ︾ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠢᠷᠤᠮᠵᠢᠭᠤᠨ ᠬᠢᠨᠠᠨ ᠵᠥᠪᠰᠢᠶᠡᠷᠡᠬᠦ᠂ ᠥᠨᠳᠥᠷ ᠪᠦᠲᠦᠮᠵᠢᠲᠡᠶ ᠦᠢᠯᠡᠴᠢᠯᠡᠭᠡ ᠶᠢ ᠠᠬᠢᠭᠤᠯᠤᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ | ᠭᠠᠷᠭᠠᠨ᠎ᠠ︕ | | ᠠᠵᠢᠯᠯᠠᠬᠤ ᠬᠠᠶ᠋ᠢᠭ᠄ ᠢᠦᠶ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤᠨ ᠤ ᠸᠧᠶ ᠮᠢᠨ | ᠵᠠᠮ ᠤᠨ ᠱᠦᠢ ᠢᠦᠢ ᠴᠢᠩ ᠴᠧᠩ ᠤᠨ 5 ᠳ᠋ᠤᠭᠠᠷ ᠨᠣᠮᠧᠷᠲᠤ ᠬᠤᠳᠠᠯᠳᠤᠭᠠᠨ ᠤ ᠠᠰᠠᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 6373213 | ᠬᠠᠷᠢᠭᠤᠴᠠᠯᠭ᠎ᠠ ᠡᠭᠦᠷᠭᠡᠯᠡᠭᠴᠢ᠄ ᠨᠠᠷᠠᠨ | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |