ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢᠶᠠᠷ ᠤᠷᠤᠭᠰᠢᠯᠠᠵᠤ ᠯᠠᠪᠳᠠᠭᠤᠨ ᠪᠠᠲᠤᠲᠠᠶ ᠠᠵᠢᠯᠯᠠᠵᠤ ᠳᠤᠮᠳᠠᠳᠤ ᠤᠷᠤᠰᠬᠠᠯ ᠳᠤ ᠣᠷᠣᠬᠤ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢ ᠢᠦᠢ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠹᠠᠨ ᠵᠢᠶᠠ ᠶᠢᠩ ᠲᠣᠰᠬᠤᠨ ᠳᠤ ᠤᠷᠤᠭᠤᠯᠪᠠ
ᠨᠡᠶᠢᠲᠡᠯᠡᠭᠰᠡᠨ ᠴᠠᠭ᠄
2024/6/27
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ︽ᠬᠥᠬᠡᠬᠤᠲᠠ ᠶᠢᠨ ᠬᠡᠷᠡᠯ ᠭᠢᠯᠪᠠᠭ᠎ᠠ︾ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠶ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠹᠠᠨ ᠵᠢᠶᠠ ᠶᠢᠩ ᠲᠣᠰᠬᠤᠨ ᠳᠤ ᠬᠦᠷᠴᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢᠶᠠᠷ ᠤᠷᠤᠭᠰᠢᠯᠠᠵᠤ ᠯᠠᠪᠳᠠᠭᠤᠨ ᠪᠠᠲᠤᠲᠠᠶ ᠠᠵᠢᠯᠯᠠᠵᠤ ᠳᠤᠮᠳᠠᠳᠤ ᠤᠷᠤᠰᠬᠠᠯ ᠳᠤ ᠣᠷᠣᠬᠤ︾ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢᠶᠠᠷ ᠤᠷᠤᠭᠰᠢᠯᠠᠵᠤ ᠯᠠᠪᠳᠠᠭᠤᠨ ᠪᠠᠲᠤᠲᠠᠶ ᠠᠵᠢᠯᠯᠠᠵᠤ ᠳᠤᠮᠳᠠᠳᠤ ᠤᠷᠤᠰᠬᠠᠯ ᠳᠤ ᠣᠷᠣᠬᠤ︾ ᠭᠤᠣᠯ ᠰᠡᠳᠦᠪ ᠲᠠᠢ ᠤᠶᠠᠯᠳᠤᠭᠤᠯᠵᠤ᠂ ᠦᠯᠢᠭᠡᠷ ᠶᠠᠷᠢᠬᠤ ᠬᠡᠯᠪᠡᠷᠢ ᠪᠠᠷ ︽ᠲᠠᠪᠤᠨ ᠶᠡᠭᠡ ᠡᠭᠦᠷᠭᠡ︾᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠳᠤ ᠠᠷᠠᠳ ᠲᠦᠮᠡᠨ ᠢᠶᠠᠷ ᠭᠤᠣᠯ ᠪᠣᠯᠭᠠᠬᠤ ᠵᠢᠴᠢ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠭᠰᠠᠨ ᠰᠡᠳᠬᠢᠯ ᠢ ᠳᠤᠯᠠᠭᠠᠴᠠᠭᠤᠯᠬᠤ ᠲᠡᠮᠡᠴᠡᠯ ᠤᠨ ᠦᠯᠢᠭᠡᠷ ᠤᠨ ᠲᠣᠭᠤᠷᠢᠨ ᠳᠤ᠂ ᠬᠠᠶᠢᠷ᠎ᠠ ᠰᠡᠳᠬᠢᠯᠭᠡ ᠲᠠᠢ ᠪᠥᠭᠡᠳ ᠦᠢᠯᠡᠳᠦᠯᠭᠡ ᠶᠢᠨ ᠡᠷᠴᠢᠮ ᠲᠠᠢ ᠪᠠᠶᠢᠵᠤ᠂ ᠦᠭᠡ ᠶᠠᠷᠢᠶ᠎ᠠ ᠪᠣᠷᠣᠭᠵᠢᠭᠤᠨ ᠰᠡᠳᠬᠢᠯ ᠢ ᠳᠤᠯᠠᠭᠠᠴᠠᠭᠤᠯᠵᠤ᠂ ᠬᠡᠷᠡᠭ ᠤᠨ ᠵᠢᠱᠢᠶ᠎ᠡ ᠠᠮᠢᠳᠤᠯᠢᠭ ᠪᠠᠶᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠤᠬᠠᠭᠤᠯᠤᠨ ᠲᠠᠶᠢᠯᠪᠤᠷᠢᠯᠠᠵᠤ᠂ ᠤᠯᠠᠨ ᠤ ᠢᠲᠡᠭᠡᠯ ᠵᠣᠷᠢᠭ ᠪᠣᠯᠤᠨ ᠡᠷᠴᠢ ᠵᠣᠷᠢᠭ ᠢ ᠲᠦᠢᠯ ᠤᠨ ᠶᠡᠭᠡ ᠪᠠᠷ ᠬᠥᠪᠴᠢᠯᠡᠪᠡ᠃      ᠲᠤᠬᠠᠶ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ᠂ ᠥᠨᠥᠳᠦᠷ ᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠥᠪᠡᠷ ᠤᠨ ᠪᠡᠶ᠎ᠡ ᠪᠠᠷ ᠢᠶᠠᠨ ᠮᠡᠳᠡᠷᠡᠵᠦ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠰᠠᠶᠢᠨ ᠺᠠᠳ᠋ᠷ ᠤᠨ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠵᠦ᠂ ᠠᠷᠠᠳ ᠤᠯᠠᠨ ᠪᠣᠯᠤᠨ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠥᠪᠡᠷ ᠤᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠢᠯᠡᠳᠬᠡᠵᠡᠭᠡᠪᠡ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠨ᠂ ᠬᠠᠮᠤᠭ ᠤᠨ ᠪᠣᠷᠣᠭᠵᠢᠭᠤᠨ᠂ ᠠᠮᠢᠳᠤ ᠰᠣᠷᠭᠤᠭ ᠦᠭᠡ ᠬᠡᠯᠡᠨ ᠤ ᠤᠯᠠᠨ ᠬᠠᠷᠠᠭᠠᠰᠤ ᠪᠠᠷ ᠥᠷᠭᠡᠨ ᠤᠯᠠᠨ ᠺᠠᠳ᠋ᠷ ᠤᠯᠠᠨ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠨ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠲᠠᠪᠰᠢᠬᠤ ᠴᠤᠭ ᠪᠠᠳᠠᠷᠠᠩᠭᠤᠢ ᠳᠦᠷᠰᠦ ᠪᠠᠶᠢᠳᠠᠯ ᠪᠣᠯᠤᠨ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠪᠡ᠃       ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号