ᠠᠮᠢ ᠨᠠᠰᠤ ᠪᠠᠨ ᠨᠠᠨᠳᠢᠩᠨᠠᠨ ᠤᠰᠤᠨ ᠳᠤ ᠵᠢᠪᠬᠦ ᠶᠢ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2024/6/28
     ᠵᠤᠨ ᠤ ᠠᠮᠠᠷᠠᠯᠲᠠ ᠣᠶᠢᠷᠠᠳᠬᠤ ᠲᠠᠰᠢᠷᠠᠮ ᠢᠶᠠᠷ᠂ ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ︽ᠠᠮᠢ ᠨᠠᠰᠤ ᠪᠠᠨ ᠨᠠᠨᠳᠢᠩᠨᠠᠨ ᠤᠰᠤᠨ ᠳᠤ ᠵᠢᠪᠬᠦ ᠶᠢ ᠰᠡᠷᠭᠡᠶᠢᠯᠡᠶ᠎ᠡ︾ ᠪᠠᠷ ᠭᠤᠣᠯ ᠰᠡᠳᠦᠪ ᠪᠣᠯᠭᠠᠭᠰᠠᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠥᠪᠥᠷ ᠮᠣᠩᠭᠤᠯ ᠤᠨ ᠤᠮᠪᠠᠯᠲᠠ ᠠᠪᠤᠷᠠᠯᠲᠠ ᠶᠢᠨ ᠨᠡᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠢ ᠤᠷᠢᠵᠤ ᠰᠤᠷᠤᠭᠴᠢᠳ ᠲᠤ ᠤᠰᠤᠨ ᠳᠤ ᠵᠢᠪᠬᠦ ᠶᠢ ᠰᠡᠷᠭᠡᠢᠯᠡᠬᠦ ᠶᠡᠷᠦ ᠶᠢᠨ ᠮᠡᠳᠡᠯᠭᠡ᠂ ᠠᠮᠤᠷ ᠲᠦᠪᠰᠢᠨ ᠤ ᠲᠦᠷᠭᠡᠨ ᠠᠪᠤᠷᠠᠬᠤ ᠮᠡᠳᠡᠯᠭᠡ ᠵᠡᠷᠭᠡ ᠶᠢ ᠲᠠᠢᠯᠪᠤᠷᠢᠯᠠᠵᠤ᠂ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠤᠨ ᠤ ᠠᠮᠠᠷᠠᠯᠲᠠ ᠶᠢᠨ ᠠᠮᠤᠷ ᠲᠦᠪᠰᠢᠨ ᠢ ᠬᠠᠮᠠᠭᠠᠯᠠᠨ᠎ᠠ᠃ ᠵᠢᠷᠤᠭ ᠪᠣᠯ ᠰᠤᠷᠤᠭᠴᠢᠳ ᠶᠠᠭ ᠵᠢᠷᠦᠬᠡ ᠠᠭᠤᠰᠬᠢᠨ ᠤ ᠰᠡᠷᠭᠦᠯᠲᠡ ᠶᠢᠨ ᠲᠦᠷᠭᠡᠨ ᠠᠪᠤᠷᠠᠯᠲᠠ ᠶᠢᠨ ᠮᠡᠳᠡᠯᠭᠡ ᠶᠢ ᠰᠤᠷᠤᠯᠴᠠᠵᠤ ᠪᠠᠶᠢᠭ᠎ᠠ ᠨᠢ᠃ ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
   
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号