ᠢᠦᠢ ᠴᠢᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
     ᠦᠨᠡᠨᠴᠢ ᠢᠲᠡᠭᠡᠮᠵᠢ ᠶᠢᠨ ᠤᠶᠢᠯᠠᠭᠠᠭᠳᠠᠬᠤᠨ ᠢ ᠤᠯᠠᠮ ᠨᠢᠭᠡ ᠠᠯᠬᠤᠮ ᠤᠬᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠦᠬᠦᠴᠡᠯ ᠢ ᠪᠣᠢ ᠪᠣᠯᠭᠠᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 27 ᠤ ᠡᠳᠦᠷ ᠢᠦᠢ ᠴᠢᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠦᠢ ᠴᠢᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ 22 ᠨᠢᠭᠡᠴᠢ ᠲᠠᠢ ᠬᠠᠮᠲᠤᠷᠠᠨ ᠮᠧᠢ ᠲᠦᠩ ᠵᠠᠬ᠎ᠠ ᠳᠡᠯᠭᠡᠭᠦᠷ ᠲᠤ ᠭᠦᠨᠵᠡᠭᠡᠶᠢᠷᠡᠵᠦ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠤᠬᠠᠭᠤᠯᠭ᠎ᠠ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠪᠠᠶᠢᠳᠠᠯ ᠢ ᠠᠮᠵᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ︾ ᠪᠠᠷ ᠭᠤᠤᠯ ᠰᠡᠳᠦᠪ ᠪᠣᠯᠭᠠᠵᠤ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠴᠢᠬᠤᠯᠠ ᠴᠢᠨᠠᠷ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠢ ᠬᠡᠷᠬᠢᠨ ᠪᠠᠲᠤᠯᠠᠬᠤ᠂ ᠢᠲᠡᠭᠡᠮᠵᠢ ᠮᠠᠭᠤᠲᠠᠢ ᠲᠡᠮᠳᠡᠭᠯᠡᠯ ᠤᠨ ᠨᠠᠵᠠᠭᠠᠶ ᠨᠥᠯᠥᠭᠡ ᠵᠢᠴᠢ ᠢᠲᠡᠭᠡᠮᠵᠢ ᠶᠢ ᠬᠡᠷᠬᠢᠨ ᠰᠡᠷᠭᠦᠭᠡᠬᠦ ᠵᠡᠷᠭᠡ ᠠᠰᠠᠭᠤᠳᠠᠯ ᠢ ᠣᠶᠢᠯᠠᠭᠠᠭᠤᠯᠵᠤ᠂ ᠪᠥᠬᠦ ᠠᠷᠠᠳ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠢᠲᠡᠭᠡᠮᠵᠢ ᠶᠢᠨ ᠲᠡᠮᠳᠡᠭᠯᠡᠯ ᠢ ᠠᠩᠬᠠᠷᠪᠠ᠃ ᠡᠭᠦᠨ ᠤ ᠬᠠᠮᠲᠤ᠂ ᠠᠵᠤ ᠠᠬᠤᠶᠢᠯᠠᠯ ᠳᠤ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠲᠤᠬᠠᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ ᠪᠠᠷ ᠲᠠᠨᠢᠯᠴᠠᠭᠤᠯᠵᠤ᠂ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠲᠣᠰ ᠪᠡᠶ᠎ᠡ ᠶᠢᠨ ᠬᠤᠳᠠᠯᠳᠤᠭᠠᠨ ᠤ ᠦᠢᠯᠡ ᠠᠵᠢᠯᠯᠠᠭ᠎ᠠ ᠪᠠᠨ ᠬᠢᠵᠠᠭᠠᠷᠯᠠᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠨᠡᠶᠢᠭᠡᠮ ᠤᠨ ᠬᠡᠪ ᠰᠤᠷᠲᠠᠯ ᠪᠠ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃
     ᠲᠣᠰ ᠤᠳᠠᠭᠠᠨ ᠤ ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠵᠡᠩᠨᠡᠭᠴᠢ ᠶᠢᠨ ᠦᠨᠡᠨᠴᠢ ᠢᠲᠡᠭᠡᠮᠵᠢ ᠶᠢᠨ ᠡᠵᠡᠩᠨᠡᠯᠲᠡ ᠪᠠ ᠥᠷᠭᠡᠨ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠳᠬᠠᠬᠤ ᠳᠤ ᠢᠳᠡᠪᠬᠢᠲᠡᠶ ᠦᠢᠯᠡᠳᠦᠯ ᠦᠵᠡᠭᠦᠯᠵᠦ᠂ ᠢᠦᠢ ᠴᠢᠤᠸᠠᠨ ᠲᠣᠭᠤᠷᠢᠭ ᠤᠨ ᠦᠨᠡᠨᠴᠢ ᠢᠲᠡᠭᠡᠮᠵᠢᠲᠡᠶ ᠪᠠᠶᠢᠬᠤ᠂ ᠪᠣᠯᠪᠠᠰᠤᠨ ᠢᠶᠠᠷ ᠡᠵᠡᠩᠨᠡᠬᠦ᠂ ᠭᠤᠣᠯᠴᠢ ᠪᠠᠷ ᠥᠷᠢᠰᠥᠯᠳᠦᠬᠦ ᠡᠵᠡᠩᠨᠡᠯᠲᠡ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号