ᠴᠠᠨ᠎ᠠ ᠴᠡᠴᠡᠭ ᠰᠣᠶᠣᠯ ᠵᠢᠭᠤᠯᠴᠢᠯᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/6/3
    5 ᠳ᠋ᠤᠭᠠᠷ ᠰᠠᠷ᠎ᠠ ᠶᠢᠨ 31 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠬᠤᠷᠢᠨᠭᠡᠷ ᠰᠢᠶᠠᠨ ᠳᠤ ᠡᠬᠢᠯᠡᠪᠡ᠃ ᠡᠬᠢᠯᠡᠯᠲᠡ ᠶᠢᠨ ᠶᠣᠰᠣᠯᠠᠯ ᠨᠢ ︽ᠱᠧᠩ ᠯᠧ ᠶᠢᠨ ᠵᠤᠨ ᠤ ᠰᠦᠨᠢ᠂ ᠴᠠᠨ᠎ᠠ ᠴᠡᠴᠡᠭ ᠤᠨ ᠳᠤᠮᠳᠠᠳᠤ ᠶᠢᠨ ᠰᠣᠶᠣᠯ — ᠴᠠᠨ᠎ᠠ ᠴᠡᠴᠡᠭ ᠤᠨ ᠤᠯᠠᠷᠢᠯ︾ ᠭᠡᠬᠦ ᠭᠤᠣᠯ ᠰᠡᠳᠦᠪ ᠢᠶᠠᠷ ᠬᠤᠷᠢᠨᠭᠡᠷ ᠰᠢᠶᠠᠨ ᠤ ᠲᠡᠦᠬᠡ ᠰᠣᠶᠣᠯ ᠤᠨ ᠠᠭᠤᠯᠬᠤᠨ ᠵᠢᠴᠢ ᠬᠥᠭᠵᠢᠯᠲᠡ ᠶᠢᠨ ᠰᠤᠳᠠᠰᠤ ᠢ ᠠᠭᠤᠰᠬᠠᠨ ︽ᠮᠢᠩᠭᠠᠨ ᠵᠢᠯ ᠪᠠᠳᠠᠷᠠᠨ ᠳᠡᠯᠭᠡᠷᠡᠭᠰᠡᠨ ᠢᠷᠠᠭᠤ ᠨᠢᠭᠤᠴᠠ︾ ︽ᠬᠦᠭᠵᠢᠨ ᠪᠠᠳᠠᠷᠠᠭᠰᠠᠨ ᠤᠮᠠᠷᠠᠲᠤ ᠬᠢᠯᠢ ᠶᠢᠨ ᠴᠠᠨ᠎ᠠ ᠴᠡᠴᠡᠭ ᠤᠨ ᠰᠡᠳᠭᠢᠯᠭᠡ︾ ᠭᠡᠬᠦ ᠬᠤᠶᠠᠷ ᠬᠡᠰᠡᠭ ᠬᠤᠪᠢᠶᠠᠵᠤ᠂ ᠦᠨᠡᠨ ᠠᠬᠤᠢ ᠮᠠᠶ᠋ᠢᠭ ᠤᠨ ᠡᠷᠲᠡᠨ ᠤ ᠬᠡᠪ ᠨᠠᠮᠪᠠ ᠲᠠᠢ ᠲᠣᠭᠯᠠᠯᠲᠠ ᠪᠠ ᠳᠤᠮᠳᠠᠳᠤ ᠶᠢᠨ ᠰᠣᠶᠣᠯ ᠤᠨ ᠭᠤᠣᠯ ᠰᠡᠳᠦᠪᠲᠦ ᠲᠣᠭᠯᠠᠯᠲᠠ ᠶᠢ ᠭᠠᠷᠭᠠᠪᠠ᠃
     ᠡᠨᠡ ᠵᠢᠯ ᠬᠤᠷᠢᠨᠭᠡᠷ ᠰᠢᠶᠠᠨ ᠴᠠᠨ᠎ᠠ ᠴᠡᠴᠡᠭ ᠲᠠᠷᠢᠬᠤ ᠬᠡᠪᠴᠢᠶ᠎ᠡ ᠶᠢ ᠥᠷᠭᠡᠳᠭᠡᠨ ︽ᠪᠠᠶᠠᠵᠢᠯ ᠤᠨ ᠴᠡᠴᠡᠭ︾ ᠪᠣᠯᠭᠠᠵᠤ᠂ ᠲᠠᠷᠢᠬᠤ ᠲᠠᠯᠠᠪᠠᠢ ᠨᠢ ᠮᠢᠩᠭ᠎ᠠ ᠭᠠᠷᠤᠢ ᠮᠦ ᠬᠦᠷᠴᠦ᠂ ᠤᠤᠯ ᠤᠨ 120 ᠭᠠᠷᠤᠢ ᠴᠠᠨ᠎ᠠ ᠴᠡᠴᠡᠭ ᠤᠨ ᠲᠥᠷᠥᠯ ᠵᠦᠢᠯ ᠤᠨ ᠰᠠᠭᠤᠷᠢᠨ ᠳᠡᠭᠡᠷ᠎ᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠣᠷᠭᠤᠭ ᠴᠡᠴᠡᠭ 9 ᠲᠥᠷᠥᠯ ᠵᠦᠢᠯ ᠢ ᠰᠢᠨ᠎ᠡ ᠪᠠᠷ ᠣᠷᠣᠭᠤᠯᠪᠠ᠃ ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠤᠨ ᠭᠤᠤᠯ ᠠᠵᠢᠯᠯᠠᠭ᠎ᠠ ᠨᠢ 11 ᠡᠳᠦᠷ ᠦᠷᠭᠦᠯᠵᠢᠯᠡᠵᠦ᠂ ᠣᠯᠠᠨ ᠰᠠᠶᠢᠬᠠᠨ ᠦᠵᠡᠮᠵᠢ ᠶᠢᠨ ᠤᠷᠤᠨ᠂ ᠵᠤᠭᠠᠴᠠᠨ ᠨᠠᠭᠠᠳᠬᠤ ᠭᠠᠵᠠᠷ ᠵᠡᠷᠭᠡ ᠪᠠᠷ ᠬᠤᠯᠪᠣᠵᠤ᠂ ᠨᠠᠩ ᠣᠯᠠᠨ ᠵᠤᠭᠠᠴᠠᠭᠰᠠᠳ ᠢ ᠤᠭᠲᠤᠬᠤ ᠪᠠᠷ ᠪᠠᠶᠢᠨ᠎ᠠ᠃ ᠳᠠᠳᠤᠯᠭ᠎ᠠ ᠶᠢᠨ ᠰᠤᠷᠪᠤᠯᠵᠢᠯᠠᠭᠴᠢ ᠵᠠᠩ ᠢ ᠲᠤᠤ ᠬᠤᠣ ᠰᠢᠦᠢ ᠵᠢᠶᠧ ᠹᠠᠨ ᠶᠠ ᠯᠦ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号