ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/4
     ᠬᠡᠦᠬᠡᠳ ᠤᠨ ᠰᠣᠶᠣᠯ ᠢ ᠮᠡᠳᠡᠷᠡᠬᠦ ᠰᠡᠳᠬᠢᠯᠭᠡ ᠶᠢ ᠬᠥᠮᠦᠵᠢᠭᠦᠯᠵᠦ᠂ ᠭᠤᠸ᠎ᠠ ᠲᠠᠭᠠᠰᠢᠶᠠᠯ ᠤᠨ ᠴᠢᠳᠠᠪᠤᠷᠢ ᠪᠠ ᠪᠦᠲᠦᠭᠡᠯᠴᠢ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ᠂ ᠢᠦᠢ ᠴᠢᠤᠸᠠᠨ ᠲᠣᠭᠤᠷᠢᠭ ᠤᠨ ᠲᠧᠦ ᠳ᠋ᠤᠤ ᠭᠤᠲᠤᠮᠵᠢ ᠪᠠᠭ᠎ᠠ ᠰᠤᠷᠭᠠᠭᠤᠯᠢ᠂ ᠬᠥᠬᠡᠬᠤᠲᠠ ᠶᠢᠨ ᠬᠦᠢ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠪᠡ᠃
     ᠬᠡᠦᠬᠡᠳ ᠤᠳ ᠲᠠᠶᠢᠯᠪᠤᠷᠢᠯᠠᠭᠴᠢ ᠪᠠᠨ ᠳᠠᠭᠠᠵᠤ ᠬᠦᠢ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠪᠡ᠃ ᠮᠦᠽᠧᠢ ᠳᠤ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯᠡᠰ ᠪᠠ ᠭᠡᠷᠡᠯ ᠵᠢᠷᠤᠭ ᠢ ᠳᠡᠯᠭᠡᠨ ᠦᠵᠡᠭᠦᠯᠵᠦ᠂ ᠬᠥᠬᠡᠬᠤᠲᠠ ᠶᠢᠨ ᠲᠡᠦᠬᠡ ᠶᠢᠨ ᠬᠤᠪᠢᠷᠠᠯᠲᠠ ᠪᠠ ᠬᠥᠭᠵᠢᠯᠲᠡ ᠶᠢᠨ ᠰᠤᠳᠠᠰᠤ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠲᠠᠶᠢᠯᠪᠤᠷᠢᠯᠠᠭᠴᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠬᠤ ᠪᠠᠷ ᠳᠡᠮᠵᠢᠨ᠂ ᠬᠡᠦᠬᠡᠳ ᠤᠳ ᠪᠠᠶᠢᠨ ᠪᠠᠶᠢᠨ ᠭᠠᠶᠢᠬᠠᠬᠤ ᠶᠢᠨ ᠬᠠᠮᠲᠤ ᠨᠤᠲᠤᠭ ᠤᠰᠤᠨ ᠤ ᠪᠠᠨ ᠲᠡᠦᠬᠡ ᠰᠣᠶᠣᠯ ᠢ ᠣᠶᠢᠯᠠᠭᠠᠭᠰᠠᠨ ᠢᠶᠠᠷ ᠪᠠᠷᠠᠬᠤ ᠥᠬᠡᠶ᠂ ᠨᠠᠩ ᠴᠤ ᠨᠤᠲᠤᠭ ᠤᠰᠤ ᠪᠠᠨ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ᠃
     ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠪᠦᠬᠦᠢ ᠤᠤᠷ ᠰᠤᠶᠤᠯ ᠤᠨ ᠶᠡᠷᠦ ᠶᠢᠨ ᠮᠡᠳᠡᠯᠭᠡ ᠶᠢᠨ ᠠᠵᠢᠯᠯᠠᠭ᠎ᠠ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠲᠤᠬᠠᠢ ᠶᠢᠨ ᠲᠠᠯᠠᠪᠠᠢ ᠳᠤ᠂ ᠪᠠᠭᠰᠢ ᠨᠠᠷ ᠳᠤᠮᠳᠠᠳᠤ ᠤᠯᠤᠰ ᠤᠨ ᠡᠷᠲᠡᠨ ᠤ ᠰᠣᠩᠭᠤᠳᠠᠭ ᠰᠢᠯᠦᠭᠴᠢᠳ ᠤᠨ ᠦᠯᠢᠭᠡᠷ ᠢ ᠶᠠᠷᠢᠬᠤ ᠪᠠᠷ ᠳᠠᠮᠵᠢᠭᠤᠯᠵᠤ᠂ ᠬᠡᠦᠬᠡᠳ ᠤᠳ ᠢ ᠬᠦᠳᠦᠯᠦᠨ ᠵᠢᠯᠣᠭᠤᠳᠴᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠲᠠᠨᠢᠯᠲᠠ ᠶᠢ ᠨᠢ ᠮᠡᠳᠡᠷᠡᠭᠦᠯᠪᠡ᠃ ᠡᠨᠡ ᠬᠤᠭᠤᠴᠠᠭᠠᠨ ᠳᠤ᠂ ᠬᠡᠦᠬᠡᠳ ᠤᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠪᠠᠶᠢᠨ ᠪᠠᠶᠢᠨ ᠭᠠᠷ ᠡᠷᠭᠦᠨ ᠠᠰᠠᠭᠤᠯᠲᠠ ᠠᠰᠠᠭᠤᠵᠤ᠂ ᠢᠳᠡᠪᠬᠢᠲᠡᠢ ᠪᠠᠷ ᠬᠠᠷᠢᠯᠴᠠᠨ ᠬᠥᠳᠡᠯᠦᠯᠴᠡᠵᠦ᠂ ᠥᠪᠡᠷ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠷᠮᠠᠶᠢᠨ ᠳᠡᠯᠭᠡᠨ ᠦᠵᠡᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠳ ᠢ ᠪᠠᠶᠠᠷ ᠪᠠᠶᠠᠰᠤᠯ ᠤᠨ ᠳᠤᠮᠳᠠ ᠮᠡᠳᠡᠯᠭᠡ ᠰᠤᠷᠤᠯᠴᠠᠭᠤᠯᠬᠤ ᠪᠠᠷ ᠪᠠᠷᠠᠬᠤ ᠥᠬᠡᠶ᠂ ᠲᠡᠳᠡᠨ ᠤ ᠳᠤᠮᠳᠠᠳᠤ ᠶᠢᠨ ᠰᠣᠶᠣᠯ ᠳᠤ ᠳᠤᠷ᠎ᠠ ᠪᠠᠬ᠎ᠠ ᠪᠠ ᠬᠠᠶᠢᠷ᠎ᠠ ᠬᠠᠯᠠᠮᠵᠢ ᠶᠢ ᠨᠠᠩ ᠬᠥᠭᠵᠢᠭᠡᠭᠰᠡᠨ ᠪᠥᠭᠡᠳ ᠦᠰᠦᠨ ᠪᠤᠶᠢᠵᠢᠬᠤ ᠶᠠᠪᠤᠴᠠ ᠳᠠᠬᠢ ᠡᠷᠬᠢᠮ ᠨᠠᠨᠳᠢᠨ ᠡᠳ᠋ ᠪᠠᠶᠠᠯᠢᠭ ᠪᠣᠯᠭᠠᠵᠤ᠂ ᠲᠡᠳᠡᠨ ᠢ ᠵᠣᠷᠢᠭᠵᠢᠭᠤᠯᠤᠨ ᠥᠪᠡᠷ ᠤᠨ ᠨᠤᠲᠤᠭ ᠤᠰᠤ ᠪᠠ ᠡᠬᠡ ᠣᠷᠣᠨ ᠢᠶᠠᠨ ᠨᠠᠩ ᠢᠯᠡᠭᠦᠤ ᠬᠠᠶᠢᠷᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号