ᠰᠢᠩ ᠯᠦᠩ ᠭᠤᠲᠤᠮᠵᠢ ᠶᠢᠨ ᠵᠡᠭᠡᠯᠢ ᠭᠤᠳᠤᠮᠵᠢ ᠶᠢᠨ ᠪᠠᠷᠠᠭᠤᠨ ᠰᠠᠨ ᠯᠢ ᠶᠢᠩ ᠨᠡᠶᠢᠭᠡᠮ ᠲᠣᠭᠤᠷᠢᠭ ︽ᠽᠦᠩᠽᠢ ᠶᠢᠨ ᠨᠠᠪᠴᠢ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢᠶᠠᠨ ᠤᠭᠲᠤᠵᠤ᠂ ᠵᠣᠯ ᠵᠢᠷᠭᠠᠯᠲᠤ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠶᠢᠷ᠎ᠠ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
     ᠪᠠᠭᠠᠴᠤᠳ ᠬᠡᠦᠬᠡᠳ ᠢ ᠬᠦᠲᠦᠯᠦᠨ ᠵᠢᠯᠤᠭᠤᠳᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠣᠶᠣᠯ ᠤᠨ ᠠᠭᠤᠯᠬᠤᠨ ᠢ ᠮᠡᠳᠡᠷᠡᠵᠦ᠂ ᠲᠡᠭᠦᠨ ᠤ ᠥᠪᠡᠷᠮᠢᠴᠡ ᠰᠣᠶᠣᠯ ᠤᠨ ᠵᠠᠩ ᠳᠠᠳᠬᠠᠯ ᠢ ᠤᠶᠢᠯᠠᠭᠠᠵᠤ᠂ ᠲᠡᠳᠡᠨ ᠤ ᠳᠤᠮᠳᠠᠳᠤ ᠶᠢᠨ ᠤᠯᠠᠮᠵᠢᠯᠠᠯᠲᠤ ᠰᠣᠶᠣᠯ ᠢ ᠰᠦᠪᠡᠭᠴᠢᠯᠡᠬᠦ ᠳᠤᠷ᠎ᠠ ᠪᠠᠬ᠎ᠠ ᠶᠢ ᠬᠥᠭᠵᠢᠭᠡᠬᠦ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠪᠠᠷᠠᠭᠤᠨ ᠰᠠᠨ ᠯᠢ ᠶᠢᠩ ᠨᠡᠶᠢᠭᠡᠮ ᠲᠣᠭᠤᠷᠢᠭ ᠲᠠᠢ ᠬᠠᠮᠲᠤᠷᠠᠨ ︽ᠽᠦᠩᠽᠢ ᠶᠢᠨ ᠨᠠᠪᠴᠢ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢᠶᠠᠨ ᠤᠭᠲᠤᠵᠤ᠂ ᠵᠣᠯ ᠵᠢᠷᠭᠠᠯᠲᠤ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠶᠢᠷ᠎ᠠ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠡᠷᠬᠢᠯᠡᠪᠡ᠃
      ᠰᠣᠨᠢᠷᠬᠠᠯᠲᠤ ᠬᠦᠳᠡᠯᠭᠡᠭᠡᠨ ᠤ ᠲᠣᠭᠤᠷᠢᠭ ᠲᠤ ᠭᠤᠣᠯ ᠰᠡᠳᠦᠪᠲᠦ ᠲᠣᠭᠯᠠᠭᠠᠮ ᠤᠨ ᠲᠤᠰᠬᠠᠢ ᠣᠷᠣᠨ 4 ᠭᠠᠷᠭᠠᠵᠤ᠂ ᠲᠤᠰ ᠲᠤᠰ ᠲᠠᠪᠤᠨ ᠬᠤᠤᠷ ᠤᠨ ᠲᠤᠰᠬᠠᠢ ᠣᠷᠣᠨ᠂ ᠲᠠᠪᠤᠨ ᠥᠩᠭᠡᠲᠦ ᠳᠡᠭᠡᠰᠦᠨ ᠤ ᠨᠡᠬᠡᠮᠡᠯ ᠤᠨ ᠣᠷᠣᠨ᠂ ᠥᠩᠭᠡᠲᠦ ᠥᠨᠳᠡᠭᠡ ᠶᠢ ᠵᠢᠷᠤᠬᠤ ᠲᠤᠰᠬᠠᠢ ᠣᠷᠣᠨ᠂ ᠪᠠᠯᠠᠢ ᠤᠭᠤᠲᠠ ᠵᠠᠳᠠᠯᠬᠤ ᠲᠤᠰᠬᠠᠢ ᠣᠷᠣᠨ ᠪᠤᠢ᠃ ᠲᠠᠪᠤᠨ ᠬᠤᠤᠷ ᠤᠨ ᠲᠤᠰᠬᠠᠢ ᠣᠷᠣᠨ ᠳᠤ᠂ ᠪᠢᠴᠢᠬᠠᠨ ᠨᠠᠶᠢᠵᠠ ᠨᠠᠷ ︽ᠲᠠᠪᠤᠨ ᠬᠤᠣᠷ︾ ᠤᠨ ︽ᠪᠠᠭᠠᠲᠤᠷ ᠡᠷ᠎ᠡ︾ ᠪᠣᠯᠬᠤ ᠪᠠᠷ ᠴᠢᠷᠮᠠᠶᠢᠵᠤ᠂  ᠠᠩᠬᠠᠷᠤᠯ ᠢᠶᠠᠨ ᠲᠥᠪᠯᠡᠷᠡᠭᠦᠯᠦᠨ᠂ ᠣᠨᠢᠯᠠᠵᠤ᠂ ᠫᠤᠤᠳᠠᠵᠤ ᠪᠠᠶᠢᠨ᠎ᠠ ᠁ ᠨᠢᠭᠡ ᠨᠢᠭᠡ ᠬᠠᠷᠠᠯᠲᠠ ᠶᠢ ᠲᠠᠭᠠᠷᠢᠬᠤ ᠶᠢ ᠳᠠᠭᠠᠯᠳᠤᠨ᠂ ᠣᠯᠠᠨ ᠤ ᠭᠠᠮᠰᠢᠭ ᠢ ᠠᠷᠢᠯᠭᠠᠬᠤ᠂ ᠭᠠᠵᠢᠭᠤ ᠪᠤᠷᠤᠭᠤ ᠶᠢ ᠠᠷᠢᠯᠭᠠᠵᠤ ᠠᠶᠤᠯ ᠠᠴᠠ ᠵᠠᠶᠢᠯᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠪᠠ︔ ᠲᠠᠪᠤᠨ ᠥᠩᠭᠡᠲᠦ ᠳᠡᠭᠡᠰᠦᠨ ᠤ ᠨᠡᠬᠡᠮᠡᠯ ᠤᠨ ᠣᠷᠣᠨ᠄ ᠡᠴᠢᠭᠡ ᠡᠬᠡ ᠦᠷ᠎ᠡ ᠬᠡᠤᠬᠡᠳ ᠬᠠᠮᠲᠤ ᠪᠠᠷ ᠨᠡᠬᠡᠵᠦ᠂ ᠳᠡᠭᠡᠰᠦ ᠶᠢ ᠣᠷᠢᠶᠠᠵᠤ᠂ ᠵᠠᠩᠭᠢᠳᠤᠨ᠎ᠠ ᠁ ᠨᠢᠭᠡᠨ ᠡᠵᠢ ᠬᠦᠯᠢᠴᠡᠩᠭᠦᠢ ᠪᠠᠷ ᠨᠡᠬᠡᠵᠦ᠂ ᠨᠠᠷᠢᠯᠢᠭ ᠰᠠᠶᠢᠬᠠᠨ ᠭᠠᠷ ᠳᠡᠭᠡᠰᠦ ᠶᠢ ᠦᠢᠯᠡᠳᠪᠡ︔ ᠥᠩᠭᠡᠲᠦ ᠦᠨᠳᠡᠭᠡ ᠶᠢ ᠵᠢᠷᠤᠬᠤ ᠲᠤᠰᠬᠠᠢ ᠤᠷᠤᠨ ᠳᠤ ᠲᠠᠬᠢᠶᠠᠨ ᠥᠨᠳᠡᠭᠡ ᠪᠠ ᠪᠤᠳᠤᠭᠲᠤ ᠲᠤᠭᠤᠯᠭ᠎ᠠ ᠤᠯᠤᠭᠰᠠᠨ ᠪᠢᠴᠢᠬᠠᠨ ᠨᠠᠶᠢᠵᠠ ᠨᠠᠷ ᠭᠠᠷ ᠢᠶᠠᠨ ᠬᠥᠳᠡᠯᠭᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠥᠪᠡᠷ ᠤᠨ ᠠᠪᠢᠶᠠᠰ ᠪᠢᠯᠢᠭ ᠢᠶᠠᠨ ᠪᠠᠳᠠᠷᠠᠭᠤᠯᠵᠤ᠂ ᠨᠠᠷᠢᠨ ᠬᠢᠨᠠᠮᠠᠭᠠᠢ ᠵᠢᠷᠤᠭ ᠵᠢᠷᠤᠵᠤ᠂ ᠠᠩᠬᠠᠷᠤᠯ ᠢᠶᠠᠨ ᠲᠥᠪᠯᠡᠷᠡᠭᠦᠯᠦᠨ᠂ ᠶᠠᠭ ᠯᠠ ᠨᠢᠭᠡᠨ ᠪᠢᠴᠢᠬᠠᠨ ᠵᠢᠷᠤᠭᠴᠢᠨ ᠰᠢᠭ᠋ ᠪᠣᠯᠵᠠᠢ᠃ ᠪᠠᠯᠠᠢ ᠤᠭᠤᠲᠠ ᠵᠠᠳᠠᠯᠬᠤ ᠲᠤᠰᠬᠠᠢ ᠤᠷᠤᠨ ᠳᠤ ᠪᠢᠴᠢᠬᠠᠨ ᠨᠠᠶᠢᠵᠠ ᠨᠠᠷ ᠨᠢᠳᠤᠷᠭ᠎ᠠ ᠵᠠᠩᠭᠢᠳᠴᠤ ︽ᠡᠷᠳᠡᠨᠢ ᠡᠷᠢᠬᠦ ᠠᠶᠠᠯᠠᠯ︾ ᠨᠡᠭᠡᠭᠡᠬᠦ ᠪᠠᠷ ᠪᠡᠯᠡᠳᠭᠡᠵᠦ᠂ ᠠᠯᠢ ᠣᠯᠠᠨ ︽ᠡᠷᠳᠡᠨᠢ︾ ᠶᠢ ᠣᠯᠵᠤ ᠮᠡᠳᠡᠬᠦ ᠶᠢ ᠳᠠᠭᠠᠯᠳᠤᠨ᠂ ᠲᠠᠰᠤᠷᠠᠯᠲᠠ ᠦᠭᠡᠢ ᠪᠠᠶᠠᠷᠯᠠᠨ᠂ ᠪᠠᠶᠠᠷ ᠪᠠᠶᠠᠰᠬᠤᠯᠠᠩ ᠲᠠᠰᠤᠷᠠᠭ᠎ᠠ ᠦᠭᠡᠢ ᠁
     ᠤᠷᠠᠨ ᠰᠠᠶᠢᠬᠠᠨ ᠤ ᠲᠣᠭᠯᠠᠯᠲᠠ ᠨᠢ 6 ᠴᠠᠭ ᠲᠤ ᠶᠠᠪᠤᠭᠳᠠᠵᠤ᠂ ᠪᠥᠵᠢᠭ᠂ ᠪᠡᠭᠡᠵᠢᠩ ᠵᠦᠴᠦᠭᠡ᠂ ᠳᠠᠭᠤᠤ ᠪᠠ ᠶᠧᠯᠸᠢ ᠲᠣᠭᠯᠠᠯᠲᠠ ᠭᠠᠷᠭᠠᠵᠠᠢ ᠁ ᠡᠯ᠎ᠡ ᠵᠦᠢᠯ ᠤᠨ ᠲᠤᠭᠯᠠᠯᠲᠠ ᠶᠢᠨ ᠬᠡᠯᠪᠡᠷᠢ ᠡᠭᠡᠯᠵᠢᠯᠡᠨ ᠲᠠᠶᠢᠰᠠᠨ ᠳᠤ ᠭᠠᠷᠪᠠ᠃ ᠲᠣᠭᠯᠠᠭᠴᠢ ᠶᠢᠨ ᠪᠢᠴᠢᠬᠠᠨ ᠨᠠᠶᠢᠵᠠ ᠨᠠᠷ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠪᠠᠶᠠᠷ ᠬᠥᠷ ᠲᠠᠢ ᠪᠦᠵᠢᠭ᠂ ᠡᠷᠳᠡᠮᠲᠡᠳ ᠡᠭᠡᠯᠴᠦᠳ ᠴᠦᠮ ᠰᠤᠨᠢᠷᠬᠠᠬᠤ ᠪᠡᠭᠡᠵᠢᠩ ᠰᠢ᠂ ᠢᠷᠠᠭᠤ ᠰᠠᠶᠢᠬᠠᠨ ᠤᠶᠠᠩᠭᠠᠲᠤ ᠳᠠᠭᠤᠤ᠂ ᠪᠠᠶᠠᠷ ᠪᠠᠶᠠᠰᠤᠯ ᠪᠢᠯᠬᠠᠭᠰᠠᠨ ᠶᠧᠯᠸᠢ ᠲᠣᠭᠯᠠᠯᠲᠠ ᠨᠢ ᠲᠠᠰᠤᠷᠠᠯ ᠦᠭᠡᠶ ᠁ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠵᠢᠴᠢ ᠰᠣᠨᠣᠷ ᠤᠨ ᠦᠪᠡᠳᠡᠭᠰᠢ ᠨᠠᠶᠢᠷ ᠢ ᠬᠦᠷᠭᠡᠪᠡ᠃
     ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠰᠠᠭᠤᠭᠠᠯᠢ ᠠᠷᠠᠳ ᠤᠨ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠤᠯᠠᠮᠵᠢᠯᠠᠯᠲᠤ ᠰᠣᠶᠣᠯ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠬᠥᠷᠰᠢ ᠵᠡᠷᠭᠡᠯᠡᠳᠡᠭᠡ ᠶᠢᠨ ᠨᠥᠬᠦᠷᠯᠡᠯ ᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ ᠪᠠᠷᠠᠭᠤᠨ ᠰᠠᠨ ᠯᠢ ᠶᠢᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠥᠷᠰᠢ ᠵᠡᠷᠭᠡᠯᠡᠳᠡᠭᠡ ᠶᠢᠨ ︽ᠲᠠᠪᠴᠠᠩ︾ ᠢ ᠪᠠᠶᠢᠭᠤᠯᠵᠤ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠲᠤ ᠥᠪᠡᠷᠮᠢᠴᠡ᠂ ᠣᠯᠠᠨ ᠡᠰᠢᠵᠢᠭᠰᠡᠨ᠂ ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号