ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽6 · 1︾ ᠤ ᠭᠤᠤᠯ ᠰᠡᠳᠦᠪᠲᠦ ᠡᠴᠢᠬᠡ ᠡᠬᠡ ᠦᠷ᠎ᠡ ᠬᠡᠤᠬᠡᠳ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
     ᠳᠠᠷᠤᠭ᠎ᠠ ᠪᠠᠶᠢᠯᠳᠤᠭᠴᠢᠳ ᠵᠢᠴᠢ ᠦᠷ᠎ᠡ ᠬᠡᠦᠬᠡᠳ ᠤᠨ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠦᠨᠡᠨᠬᠦ ᠳᠡᠭᠡᠭᠰᠢᠯᠡᠭᠦᠯᠵᠦ᠂ ᠭᠡᠷ ᠪᠦᠯᠢ ᠶᠢᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 1 ᠤ ᠡᠳᠦᠷ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽6 · 1︾ ᠤ ᠭᠤᠣᠯ ᠰᠡᠳᠦᠪᠲᠦ ᠡᠴᠢᠭᠡ ᠡᠬᠡ ᠬᠡᠦᠬᠡᠳ ᠤᠨ ᠠᠵᠢᠯᠯᠠᠭ᠎ᠠ ᠶᠢ ᠨᠠᠷᠢᠨ ᠨᠢᠮᠪᠠᠢ ᠡᠷᠬᠢᠯᠡᠵᠦ᠂ ᠬᠡᠦᠬᠡᠳ ᠢ ᠪᠠᠶᠠᠷ ᠪᠠᠶᠠᠰᠤᠯ ᠤᠨ ᠳᠤᠮᠳᠠ ︽ᠵᠠᠢ ᠵᠠᠪᠰᠠᠷ ᠦᠭᠡᠢ︾ ᠪᠠᠷ ᠭᠠᠯ ᠤᠨᠲᠠᠷᠠᠭᠠᠬᠤ᠂ ᠭᠠᠯ ᠤᠨᠲᠠᠷᠠᠭᠠᠬᠤ ᠠᠮᠢᠳᠤᠷᠠᠯ ᠢ ᠤᠶᠢᠯᠠᠭᠠᠬᠤ᠂ ᠭᠠᠯ ᠤᠨᠲᠠᠷᠠᠭᠠᠬᠤ ᠠᠭᠤᠷ ᠠᠮᠢᠰᠬᠤᠯ ᠢ ᠮᠡᠳᠡᠷᠡᠭᠦᠯᠪᠡ᠃
     ᠭᠡᠷ ᠤᠨ ᠠᠬᠠᠮᠠᠳ ᠤᠨ ᠪᠠᠷ᠎ᠠ ᠪᠤᠯᠤᠯᠭ᠎ᠠ ᠪᠠᠷ᠂ ᠪᠢᠴᠢᠬᠠᠨ ᠨᠠᠶᠢᠵᠠ ᠨᠠᠷ ᠠᠩᠭᠢ ᠥᠷᠲᠡᠭᠡᠨ ᠳᠤ ᠣᠷᠣᠵᠤ᠂ ᠣᠨᠴᠠᠭᠠᠶᠢᠯᠠᠨ ᠵᠣᠬᠢᠶᠠᠭᠰᠠᠨ ᠠᠩᠭᠢ ᠶᠢᠨ ᠬᠤᠪᠴᠠᠰᠤ ᠶᠢ ᠰᠣᠯᠢᠵᠤ᠂ ᠭᠠᠯ ᠤᠨᠲᠠᠷᠠᠭᠠᠬᠤ 12 ᠺᠠᠷᠲ᠋ᠣᠨ ᠬᠡᠦᠬᠡᠯᠳᠡᠶ  ᠲᠠᠢ ᠭᠡᠷᠡᠯ ᠵᠢᠷᠤᠭ ᠠᠪᠴᠤ᠂ ᠠᠪᠤ ᠡᠵᠢ ᠶᠢᠨ ᠢᠶᠠᠨ ᠠᠵᠢᠯᠯᠠᠬᠤ ᠬᠤᠭᠤᠴᠠᠭᠠᠨ ᠳᠠᠬᠢ ᠠᠵᠢᠯ ᠠᠮᠢᠳᠤᠷᠠᠯ ᠢ ᠮᠡᠳᠡᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠢᠨ᠎ᠡ ᠤᠷ᠎ᠠ ᠴᠢᠳᠠᠪᠤᠷᠢ ᠶᠢ ᠤᠶᠢᠯᠠᠭᠠᠪᠠ᠃
     ᠳᠠᠷᠠᠭ᠎ᠠ ᠨᠢ᠂ ᠪᠢᠴᠢᠬᠠᠨ ᠨᠠᠶᠢᠵᠠ ᠨᠠᠷ ᠠᠪᠤ ᠡᠵᠢ ᠶᠢᠨ ᠢᠶᠠᠨ ᠪᠠᠷ᠎ᠠ ᠪᠣᠯᠣᠯᠭ᠎ᠠ ᠲᠠᠢ ᠪᠠᠷ ᠭᠠᠯ ᠤᠨᠲᠠᠷᠠᠭᠠᠬᠤ ᠲᠡᠷᠭᠡᠨ ᠳᠤ ᠭᠠᠷᠴᠤ᠂ ᠡᠯ᠎ᠡ ᠲᠥᠷᠥᠯ ᠤᠨ ᠪᠠᠭᠠᠵᠢ ᠬᠡᠷᠡᠭᠰᠡᠯ ᠤᠨ ᠲᠣᠨᠣᠭᠯᠠᠯ ᠤᠨ ᠭᠤᠤᠯ ᠬᠡᠷᠡᠭᠴᠡᠭᠡ ᠶᠢ ᠣᠶᠢᠯᠠᠭᠠᠵᠤ᠂ ᠳᠠᠷᠤᠭ᠎ᠠ ᠪᠠᠶᠢᠯᠳᠤᠭᠴᠢᠳ ᠭᠠᠯ ᠤᠨᠲᠠᠷᠠᠭᠠᠬᠤ ᠬᠤᠪᠴᠠᠰᠤ ᠡᠮᠦᠰᠬᠦ ᠠᠷᠭ᠎ᠠ ᠪᠠ ᠬᠡᠷᠡᠭᠴᠡᠭᠡ ᠶᠢ ᠨᠠᠷᠢᠨ ᠲᠠᠶᠢᠯᠪᠤᠷᠢᠯᠠᠵᠤ᠂ ᠡᠯ᠎ᠡ ᠵᠦᠢᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠠᠯᠠᠭᠤᠨ ᠢᠶᠠᠷ ᠲᠠᠨᠢᠯᠴᠠᠭᠤᠯᠬᠤ ᠶᠢᠨ ᠬᠠᠮᠲᠤ ᠪᠢᠴᠢᠬᠠᠨ ᠨᠠᠶᠢᠵᠠ ᠨᠠᠷ ᠤᠨ ᠴᠣᠪᠣᠭᠤ ᠳᠡᠭᠵᠢᠨ ᠵᠠᠩ ᠴᠢᠨᠠᠷ ᠲᠤ ᠴᠢᠭᠯᠡᠭᠦᠯᠦᠨ᠂ ᠪᠢᠴᠢᠬᠠᠨ ᠨᠠᠶᠢᠵᠠ ᠨᠠᠷ ᠲᠤ ᠳᠤᠷ᠎ᠠ ᠪᠠᠷ ᠢᠶᠠᠨ ᠭᠠᠯ ᠬᠡᠷᠡᠭᠯᠡᠵᠦ ᠪᠣᠯᠬᠤ ᠥᠬᠡᠶ᠂ ᠰᠠᠨᠠᠭᠠᠨ ᠳᠤ ᠥᠬᠡᠶ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠰᠠᠨᠠᠭᠤᠯᠪᠠ᠃ ᠳᠠᠷᠤᠭ᠎ᠠ ᠪᠠᠶᠢᠯᠳᠤᠭᠴᠢᠳ ᠤᠨ ᠬᠠᠪᠰᠤᠷᠤᠯᠭ᠎ᠠ ᠳᠣᠣᠷ᠎ᠠ᠂ ᠪᠢᠴᠢᠬᠠᠨ ᠨᠠᠶᠢᠵᠠ ᠨᠠᠷ ᠭᠠᠯ ᠤᠨᠲᠠᠷᠠᠭᠠᠬᠤ ᠲᠣᠨᠣᠭᠯᠠᠯ ᠢ ᠴᠢᠷᠮᠠᠶᠢᠨ ᠤᠶᠢᠯᠠᠭᠠᠵᠤ᠂ ᠴᠢᠷᠠᠶ ᠳᠡᠭᠡᠷ᠎ᠡ ᠨᠢ ᠰᠣᠨᠢᠭᠤᠴᠢ ᠪᠠᠭ᠋ᠠᠳᠤᠯ ᠪᠠ ᠪᠠᠶᠠᠷ ᠪᠠᠶᠠᠰᠤᠯ ᠢᠯᠡᠷᠡᠵᠦ᠂ ᠲᠤᠬᠠᠶ ᠶᠢᠨ ᠲᠠᠯᠠᠪᠠᠶ ᠳᠤ ᠰᠣᠨᠣᠰᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠥᠪᠡᠷ ᠢᠶᠠᠨ ᠦᠢᠯᠡᠳᠦᠯᠭᠡᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠬᠡᠦᠬᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠪᠡ᠃
     ᠲᠣᠰ ᠤᠳᠠᠭᠠᠨ ᠤ ︽6 · 1︾ ᠤ ᠭᠤᠤᠯ ᠰᠡᠳᠦᠪᠲᠦ ᠡᠴᠢᠭᠡ ᠡᠬᠡ ᠦᠷ᠎ᠡ ᠬᠡᠤᠬᠡᠳ ᠤᠨ ᠠᠵᠢᠯᠯᠠᠭ᠎ᠠ ᠨᠢ ᠨᠢᠭᠡ ᠤᠳᠠᠭᠠᠨ ᠤ ᠣᠯᠳᠠᠬᠤᠶ᠎ᠠ ᠪᠡᠷᠬᠡ ᠬᠡᠷ ᠪᠦᠯᠢ ᠶᠢᠨ ᠦᠢᠯᠡᠳᠦᠯᠴᠡᠯ ᠪᠣᠯᠬᠤ ᠪᠠᠷ ᠪᠠᠷᠠᠬᠤ ᠥᠬᠡᠶ᠂ ᠪᠠᠰᠠ ᠴᠤ ᠨᠢᠭᠡ ᠤᠳᠠᠭᠠᠨ ᠤ ᠰᠠᠶᠢᠨ ᠰᠠᠶᠢᠬᠠᠨ ᠲᠥᠷᠥᠯ ᠰᠠᠳᠤᠨ ᠤ ᠰᠡᠳᠬᠢᠯᠭᠡ ᠶᠢᠨ ᠬᠠᠨᠢ ᠪᠣᠯᠵᠣ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠪᠣᠯᠤᠨ ᠬᠡᠷ ᠪᠦᠯᠢ ᠶᠢᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢᠶᠠᠨ ᠳᠠᠷᠤᠭ᠎ᠠ ᠪᠠᠶᠢᠯᠳᠤᠭᠴᠢᠳ ᠵᠢᠴᠢ ᠬᠡᠷ ᠪᠦᠯᠢ ᠶᠢᠨ ᠬᠢᠨ ᠤ ᠰᠡᠳᠬᠢᠯ ᠳᠤ ᠬᠦᠷᠭᠡᠵᠦ᠂ ︽ᠪᠠᠶᠠᠷ ᠬᠥᠷ ᠲᠠᠢ ᠠᠵᠢᠯᠯᠠᠵᠤ᠂ ᠵᠣᠯ ᠵᠢᠷᠭᠠᠯ ᠲᠠᠢ ᠠᠮᠢᠳᠤᠷᠠᠬᠤ︾ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号