︽ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ | ᠵᠢᠱᠢᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠨᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ | ᠣᠷᠴᠢᠨ ᠲᠣᠭᠤᠷᠢᠨ ᠤ ᠡᠬᠢ ᠪᠠᠶᠠᠯᠢᠭ ᠥᠰᠥᠭ ﹇2022﹈ 1264 ᠳ᠋ᠤᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠬᠡᠪᠴᠢᠶᠡᠨ ᠳᠠᠬᠢ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 5000 ᠲᠣᠨ ︵ᠲᠡᠩᠴᠡᠯ | ᠤᠨ ᠬᠡᠮᠵᠢᠭᠳᠡᠯ︶ ᠠᠴᠠ ᠳᠣᠷᠣᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ | ᠤᠯᠤᠰ ᠠᠴᠠ ᠮᠤᠵᠢ ᠶᠢᠨ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠴᠢᠬᠤᠯᠠᠲᠠᠶ ᠭᠡᠵᠦ ᠲᠣᠳᠣᠷᠬᠠᠶ ᠲᠣᠭᠲᠠᠭᠠᠭᠰᠠᠨ ᠢ | ᠭᠠᠷᠭᠠᠪᠠᠯ᠂ ᠪᠦᠬᠦᠨ ᠢ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠵᠥᠪ ᠲᠠᠯ᠎ᠠ ᠶᠢᠨ ᠨᠠᠷᠢᠨ | ᠬᠠᠭᠤᠳᠠᠰᠤᠨ ᠳᠤ ᠣᠷᠣᠭᠤᠯᠵᠤ᠂ ᠡᠨᠧᠷᠭᠢ ᠠᠷᠪᠢᠯᠠᠬᠤ ᠶᠢ ᠠᠮᠠᠯᠠᠨ ᠳᠠᠩᠰᠠᠯᠠᠭᠤᠯᠬᠤ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠡᠳᠦᠭᠡ 2024 ᠣᠨ ᠤ ᠢᠦᠶ ᠴᠢᠤᠸᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠢ | ᠵᠠᠷᠯᠠᠨ ᠨᠡᠶᠢᠲᠡᠯᠡᠶ᠎ᠡ᠃ ᠲᠥᠷᠥᠯ ᠵᠦᠢᠯ ᠤᠨ ᠦᠨᠳᠦᠰᠦᠨ ᠪᠠᠶᠢᠳᠠᠯ ᠨᠢ ᠳᠣᠤᠷᠠᠬᠢ ᠮᠡᠲᠦ᠄ | ᠨᠢᠭᠡ᠂ ᠲᠥᠷᠥᠯ ᠵᠦᠢᠯ ᠤᠨ ᠨᠡᠷᠡᠶᠢᠳᠦᠯ᠄ ᠢᠦᠶ ᠰᠢᠶᠠᠩ · ᠠᠨ ᠽᠧ ᠶᠤᠸᠠᠨ ︵ᠹᠠᠨ ᠵᠢᠶᠠ ᠶᠢᠩ ᠤᠨ | ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠪᠤᠴᠠᠭᠠᠨ ᠨᠡᠭᠦᠯᠭᠡᠬᠦ ᠭᠡᠷ︶ ᠲᠥᠷᠥᠯ ᠵᠦᠢᠯ︔ | ᠬᠤᠶᠠᠷ᠂ ᠲᠥᠷᠥᠯ ᠵᠦᠢᠯ ᠤᠨ ᠣᠷᠣᠯᠠᠬᠤ ᠨᠣᠮᠧᠷ᠄ 2307 — 150104 — 89 —10 | — 995986︔ | ᠭᠤᠷᠪᠠ᠂ ᠪᠥᠲᠥᠭᠡᠨ ᠪᠠᠶᠢᠭᠤᠯᠬᠤ ᠭᠠᠵᠠᠷ᠄ ᠢᠦᠶ ᠴᠢᠤᠸᠠᠨ ᠲᠣᠭᠤᠷᠢᠭ ᠤᠨ ᠹᠠᠨ ᠵᠢᠶᠠ ᠶᠢᠩ ᠠᠴᠠ | ᠵᠡᠭᠦᠨᠰᠢ᠂ ᠪᠤᠭᠤᠲᠤ ᠪᠠᠷᠠᠭᠤᠨ ᠵᠡᠭᠡᠯᠢ ᠠᠴᠠ ᠡᠮᠦᠨᠡᠰᠢ︔ | ᠳᠥᠷᠪᠡ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 96326 ᠲᠦᠮᠡᠨ ᠲᠥᠭᠦᠷᠢᠭ︔ | ᠲᠠᠪᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ᠄ ᠬᠥᠬᠡᠬᠤᠲᠠ ᠶᠢᠨ ᠢᠦᠶ ᠰᠢᠶᠠᠩ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ︔ | ᠵᠢᠷᠭᠤᠭ᠎ᠠ᠂ ᠲᠥᠷᠥᠯ ᠵᠦᠢᠯ ᠤᠨ ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ᠄ | 4622.37 ᠲᠣᠨ ᠪᠠᠷᠢᠮᠵᠢᠶᠠᠲᠤ ᠨᠡᠭᠦᠷᠡᠰᠦ ︵ᠲᠡᠩᠴᠡᠯ ᠤᠨ ᠬᠡᠮᠵᠢᠭᠳᠡᠯ︶᠂ 7823.89 ᠲᠣᠨ ᠪᠠᠷᠢᠮᠵᠢᠶᠠᠲᠤ | ᠨᠡᠭᠦᠷᠡᠰᠦ ︵ᠵᠡᠷᠭᠡ ᠥᠷᠲᠡᠭ︶︔ | ᠳᠤᠯᠤᠭ᠎ᠠ᠂ ᠲᠥᠷᠥᠯ ᠵᠦᠢᠯ ᠤᠨ ᠵᠢᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ᠄ | 16900.87tCO₂︔ | ᠳᠡᠭᠡᠷᠡᠬᠢ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠤᠨ | ᠨᠢᠭᠡᠴᠢ ᠨᠦᠭᠦᠳ ᠠᠮᠠᠯᠠᠯᠲᠠ ᠶᠢᠨ ᠪᠢᠴᠢᠭ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠣᠳᠠᠲᠠᠶ ᠡᠨᠧᠷᠭᠢ ᠶᠢᠨ ᠬᠤᠷᠣᠭᠳᠠᠯ᠂ ᠨᠢᠭᠡᠴᠢ ᠨᠡᠮᠡᠭᠳᠡᠯ ᠥᠷᠲᠡᠭ ᠤᠨ | ᠡᠨᠧᠷᠭᠢ ᠶᠢᠨ ᠬᠤᠷᠣᠭᠳᠠᠯ ᠪᠠ ᠨᠢᠭᠡᠴᠢ ᠪᠠᠷᠢᠯᠭ᠎ᠠ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ | ᠠᠮᠠᠯᠠᠯᠲᠠ ᠶᠢᠨ ᠥᠷᠲᠡᠭ ᠤᠨ ᠬᠡᠪᠴᠢᠶ᠎ᠡ ᠠᠴᠠ ᠳᠠᠪᠠᠭᠤᠯᠬᠤ ᠥᠬᠡᠶ ᠪᠠᠶᠢᠬᠤ ᠶᠢᠨ ᠬᠠᠮᠲᠤ᠂ ᠪᠥᠲᠥᠭᠡᠨ ᠪᠠᠶᠢᠭᠤᠯᠬᠤ | ᠲᠥᠰᠦᠯ ᠢᠶᠠᠨ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠲᠥᠬᠦᠭᠡᠷᠦᠮᠵᠢ ᠶᠢ ᠰᠣᠩᠭᠤᠨ | ᠬᠡᠷᠡᠭᠯᠡᠵᠦ᠂ ᠡᠨᠧᠷᠭᠢ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠬᠤ ᠠᠴᠠ ᠡᠮᠦᠨ᠎ᠡ᠂ ᠮᠠᠨ ᠤ ᠵᠥᠪᠯᠡᠯ ᠠᠮᠠᠯᠠᠯᠲᠠ ᠶᠢᠨ ᠳᠠᠩᠰᠠᠯᠠᠭᠤᠯᠤᠭᠰᠠᠨ ᠠᠭᠤᠯᠭ᠎ᠠ ᠲᠠᠢ | ᠬᠠᠷᠢᠴᠠᠭᠤᠯᠤᠨ ᠡᠨᠧᠷᠭᠢ ᠠᠷᠪᠢᠯᠠᠬᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | 2024 ᠣᠨ ᠤ 5 ᠳ᠋ᠤᠭᠠᠷ ᠰᠠᠷ᠎ᠠ ᠶᠢᠨ 31 ᠤ ᠡᠳᠦᠷ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |