ᠪᠥᠬᠦ ᠣᠷᠣᠨ ᠤ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ | ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ | ᠳᠠᠷᠤᠮᠠᠯᠯᠠᠨ ᠲᠠᠷᠬᠠᠭᠠᠪᠠ᠃ ᠡᠭᠦᠨ ᠳᠤ᠂ ᠲᠤᠰᠬᠠᠶ ᠭᠤᠮᠣᠳᠠᠯ ᠲᠣᠭᠠᠴᠢᠬᠤ ᠠᠵᠢᠯ ᠤᠨ ᠬᠠᠭᠤᠳᠠᠰᠤ ᠶᠢ | ᠰᠢᠢᠳᠪᠦᠷᠢᠯᠡᠬᠦ ᠠᠯᠪᠠᠨ ᠭᠡᠷ ᠤᠨ ᠬᠢᠨᠠᠯᠲᠠ ᠲᠠᠯᠪᠢᠬᠤ ᠳ᠋ᠢᠶᠠᠩᠬᠤᠸᠠ ᠭᠠᠷᠭᠠᠵᠤ᠂ ᠡᠳᠦᠭᠡ ᠳᠣᠤᠷᠠᠬᠢ ᠮᠡᠲᠦ ᠵᠠᠷᠯᠠᠶ᠎ᠠ᠃ | ᠬᠢᠨᠠᠯᠲᠠ ᠲᠠᠯᠪᠢᠬᠤ ᠤᠲᠠᠰᠤ᠄ 0471 — 8812345 | ᠬᠦᠯᠢᠶᠡᠨ ᠠᠪᠬᠤ ᠴᠠᠭ᠄ 8᠄ 30 — 12᠄ 00 14᠄ 00 —17᠄ 30 | ᠨᠢᠭᠡᠴᠢ ᠪᠠ ᠬᠤᠪᠢ ᠬᠥᠮᠦᠨ ᠤᠲᠠᠰᠤ ᠪᠠᠷ ᠳᠠᠮᠵᠢᠭᠤᠯᠤᠨ 12345 ᠬᠠᠯᠠᠮᠰᠢᠯ ᠤᠲᠠᠰᠤᠨ ᠤ ᠬᠦᠯᠢᠶᠡᠨ | ᠠᠪᠴᠤ ᠰᠢᠢᠳᠪᠦᠷᠢᠯᠡᠬᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ᠂ ᠰᠢᠢᠳᠪᠦᠷᠢᠯᠡᠬᠦ ᠳᠤᠮᠳᠠ ᠢᠯᠡᠷᠡᠭᠰᠡᠨ ᠲᠣᠮᠢᠯᠠᠬᠤ ᠬᠠᠭᠤᠳᠠᠰᠤ ᠶᠢ ᠱᠠᠲᠤ ᠱᠠᠲᠤ ᠪᠠᠷ ᠰᠢᠯᠵᠢᠭᠦᠯᠦᠨ | ᠲᠤᠰᠢᠶᠠᠬᠤ᠂ ᠲᠠᠰ ᠳᠠᠷᠠᠭᠠᠯᠠᠯ ᠨᠢ ᠶᠠᠷᠰᠢᠭ ᠲᠦᠪᠡᠭᠲᠡᠶ ᠵᠢᠴᠢ ᠭᠤᠮᠣᠳᠠᠯ ᠱᠠᠭᠠᠷᠳᠠᠯᠭ᠎ᠠ ᠶᠢᠨ ᠠᠵᠢᠯ ᠤᠨ | ᠬᠠᠭᠤᠳᠠᠰᠤ ᠶᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ | ᠰᠢᠢᠳᠪᠦᠷᠢᠯᠡᠬᠦ ᠠᠯᠪᠠᠨ ᠭᠡᠷ ᠤᠨ ᠪᠠᠶᠢᠳᠠᠯ ᠪᠠ ᠠᠰᠠᠭᠤᠳᠠᠯ ᠢ ᠳᠥᠭᠦᠮᠬᠡᠨ ᠢᠶᠠᠷ ᠲᠤᠰᠬᠠᠵᠤ ᠪᠣᠯᠤᠨ᠎ᠠ᠃ | ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ | ᠲᠤᠰᠬᠠᠬᠤ ᠦᠶ᠎ᠡ ᠳᠤ ᠪᠣᠳᠠᠲᠠᠶ ᠰᠦᠪᠡᠭᠴᠢ᠂ ᠠᠵᠢᠯ ᠤᠨ ᠬᠠᠭᠤᠳᠠᠰᠤ ᠶᠢᠨ ᠨᠣᠮᠧᠷ ᠵᠢᠴᠢ ᠲᠣᠰ ᠬᠥᠮᠦᠨ ᠤ | ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ | ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ | ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠣᠨᠴᠠᠭᠠᠶᠢᠯᠠᠨ ᠵᠠᠷᠯᠠᠪᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ | 2024 ᠣᠨ ᠤ 5 ᠳ᠋ᠤᠭᠠᠷ ᠰᠠᠷ᠎ᠠ ᠶᠢᠨ 30 ᠤ ᠡᠳᠦᠷ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |