ᠭᠤᠤ ᠰᠢᠶᠤᠤ ᠢᠦᠢ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 6 ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠲᠣᠭᠲᠠᠬᠤ ᠰᠢᠶᠠᠨ ᠤ ᠬᠥᠮᠦᠨ᠂ ᠠᠰᠫᠢᠷᠠᠨᠲ ᠤᠨ ᠰᠣᠶᠣᠯ ᠤᠨ ᠬᠢᠷᠢ ᠬᠡᠮᠵᠢᠶ᠎ᠡ ᠲᠠᠢ᠂ | 2000 ᠣᠨ ᠤ 9 ᠰᠠᠷ᠎ᠠ ᠳᠤ ᠠᠵᠢᠯ ᠳᠤ ᠭᠠᠷᠴᠤ᠂ ᠤᠳᠤ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠢᠨ ᠲᠤᠰᠢᠶᠠᠯ ᠲᠠᠢ᠃ | | | ᠬᠤᠪᠢᠳᠠᠨ ᠬᠠᠮᠢᠶᠠᠷᠬᠤ ᠠᠵᠢᠯ᠄ | ᠲᠣᠭᠤᠷᠢᠭ ᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ᠂ | ᠪᠠᠶᠢᠭᠤᠯᠭ᠎ᠠ ᠶᠢᠨ ᠶᠠᠪᠤᠳᠠᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠤᠲᠠ ᠶᠢᠨ ᠬᠠᠮᠢᠶᠠᠷᠤᠯᠲᠠ᠂ | ᠵᠡᠭᠡᠯᠢ ᠭᠤᠳᠤᠮᠵᠢ ︵ᠪᠠᠯᠭᠠᠰᠤ︶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ | ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠂ ᠨᠢᠭᠡ ᠪᠠᠯᠭᠠᠰᠤ ᠨᠠᠢᠮᠠᠨ ᠠᠯᠪᠠᠨ ᠬᠡᠷ ᠪᠠ ᠡᠭᠦᠯᠡᠨ ᠳᠤᠮᠳᠠ | ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠠᠷᠠᠳ ᠤᠨ | ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠤᠳᠬ᠎ᠠ | ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠲᠢᠶᠠᠨ ᠷᠦᠢ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠶᠢᠦ ᠴᠤᠸᠠᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ | ᠬᠠᠷᠢᠯᠴᠠᠨ᠎ᠠ᠃ | |