ᠢᠦᠢ ᠴᠢᠤᠸᠠᠨ ᠲᠣᠭᠤᠷᠢᠭ ᠤᠨ ᠵᠤᠨ ᠤ ᠡᠳᠦᠷ ᠤᠨ ︽ᠽᠦᠩᠽᠢ︾ ᠶᠢᠨ ᠵᠦᠴᠦᠭᠡ · ᠪᠣᠳᠠᠰ ᠤᠨ ᠪᠤᠰᠤ ᠰᠣᠶᠣᠯ ᠤᠨ ᠥᠪ ᠢ ᠤᠶᠢᠯᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/5
     6 ᠳ᠋ᠤᠭᠠᠷ ᠰᠠᠷ᠎ᠠ ᠶᠢᠨ 2 ᠤᠨ ᠡᠳᠦᠷ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠢᠶᠠᠨ ᠷᠦᠢ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠵᠢᠯᠴᠠᠨ ᠡᠷᠬᠢᠯᠡᠵᠦ᠂ ᠥᠪᠥᠷ ᠮᠣᠩᠭᠤᠯ ᠤᠨ ᠬᠠᠢ ᠫᠧᠩ ᠢᠳᠡᠭᠡᠨ ᠤ ᠬᠢᠵᠠᠭᠠᠷᠲᠤ ᠺᠣᠮᠫᠠᠨᠢ ᠳᠠᠭᠠᠭᠠᠨ ᠡᠷᠬᠢᠯᠡᠭᠰᠡᠨ ︽ᠵᠤᠨ ᠤ ᠡᠳᠦᠷ ᠤᠨ ︿ᠽᠦᠩᠽᠢ﹀ ᠶᠢᠨ ᠵᠦᠴᠦᠭᠡ · ᠪᠣᠳᠠᠰ ᠤᠨ ᠪᠤᠰᠤ ᠰᠣᠶᠣᠯ ᠤᠨ ᠥᠪ ᠢ ᠤᠶᠢᠯᠠᠭᠠᠬᠤ︾ ᠠᠵᠢᠯᠯᠠᠭ᠎ᠠ ᠪᠣᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ  ᠭᠤᠶᠢᠳᠠ ᠰᠠᠶᠢᠬᠠᠨ ᠶᠠᠪᠤᠭᠳᠠᠵᠠᠢ᠃
     2.5 ᠮᠧᠲᠷ ᠤᠨ ᠶᠡᠭᠡ ᠲᠣᠭᠤᠭᠠᠨ ᠳᠤ ᠴᠢᠨᠠᠵᠤ᠂ ᠥᠳᠭᠡᠨ ᠠᠮᠲᠠᠲᠤ ᠬᠤᠨᠢᠨ ᠮᠢᠬᠠᠨ ᠤ ᠽᠦᠩᠽᠢ ᠶᠢ ᠥᠷᠭᠡᠨ ᠣᠯᠠᠨ ᠵᠤᠭᠠᠴᠠᠭᠰᠠᠳ ᠲᠤ ᠦᠨ᠎ᠡ ᠲᠥᠯᠥᠪᠦᠷᠢ ᠥᠬᠡᠢ ᠪᠠᠷ ᠲᠠᠷᠬᠠᠭᠠᠨ ᠥᠭᠴᠦ᠂ ᠬᠠᠶᠢᠷ᠎ᠠ ᠪᠣᠯᠤᠨ ᠬᠠᠯᠠᠭᠤᠨ ᠳᠤᠯᠠᠭᠠᠨ ᠢ ᠽᠦᠩᠽᠢ ᠶᠢᠨ ᠦᠨᠦᠷ ᠢ ᠳᠠᠭᠠᠯᠳᠤᠨ ᠬᠤᠲᠠ ᠶᠢᠨ ᠦᠨᠴᠦᠭ ᠪᠤᠯᠤᠩ ᠪᠤᠯᠭᠠᠨ ᠳᠤ ᠬᠦᠷᠭᠡᠪᠡ᠃
     ᠤᠯᠠᠭᠠᠨᠮᠥ᠋ᠴᠢᠷ ᠤᠨ ᠭᠡᠰᠢᠭᠦᠳ ᠪᠠᠭ᠋ᠠᠷᠤᠮ᠎ᠠ ᠰᠠᠶᠢᠬᠠᠨ ᠪᠥᠵᠢᠭ ᠤᠨ ᠲᠦᠷᠢ ᠪᠠᠶᠢᠳᠠᠯ ᠪᠣᠯᠤᠨ ᠰᠦᠷ ᠵᠢᠪᠬᠤᠯᠠᠩᠳᠠᠢ ᠲᠠᠭᠤᠤ ᠪᠠᠷ ᠤᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠬᠢᠵᠠᠭᠠᠯᠠᠰᠢ ᠦᠭᠡᠢ ᠷᠢᠳᠢ ᠰᠢᠳᠢ ᠶᠢ ᠢᠯᠡᠷᠡᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠳᠤᠷᠠᠰᠬᠠᠯ ᠤᠨ ᠡᠳᠦᠷ ᠤᠨ ᠵᠠᠩ ᠳᠠᠳᠬᠠᠯ ᠲᠠᠢ ᠤᠶᠠᠯᠳᠤᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠤᠰ ᠤᠨ ᠤᠷᠤᠰᠬᠠᠯ ᠤᠨ ᠴᠤᠭᠯᠠᠷᠠᠯ ᠢ ᠪᠤᠢ ᠪᠤᠯᠭᠠᠵᠤ᠂ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ ᠠᠩᠬᠢᠯᠤᠮ᠎ᠠ ᠰᠠᠶᠢᠬᠠᠨ ᠠᠮᠲᠠᠲᠠᠢ ᠵᠣᠣ ᠵᠢᠶᠦ᠋ᠨ ᠡᠭᠡᠳᠡᠷᠡᠭᠡᠨ ᠰᠦ ᠲᠠᠢ ᠪᠣᠣᠪᠤ᠂ ᠵᠦᠭᠡᠯᠡᠨ ᠰᠢᠯᠦᠭᠡᠢ ᠰᠠᠶᠢᠬᠠᠨ ᠠᠮᠲᠠᠲᠠᠢ ᠬᠤᠨᠢᠨ ᠮᠢᠬᠠᠨ ᠤ ᠽᠦᠩᠽᠢ᠂ ᠤᠷᠠᠨ ᠨᠠᠷᠢᠯᠢᠭ ᠰᠢᠬᠢᠷ ᠤᠨ ᠵᠢᠷᠤᠭ᠂ ᠥᠩᠭᠡ ᠢᠯᠭᠠᠷᠠᠭᠰᠠᠨ ᠰᠢᠷ ᠤᠨ ᠳᠡᠪᠢᠭᠦᠷ᠂ ᠭᠤᠶᠤ ᠰᠠᠶᠢᠬᠠᠨ ᠬᠠᠳᠬᠤᠭᠤᠷ ᠤᠨ ᠴᠡᠴᠡᠭ ᠵᠢᠴᠢ ᠠᠮᠢᠳᠤ ᠳᠦᠷᠰᠦᠯᠢᠭ ᠪᠦᠲᠦᠭᠡᠯ᠂ ᠭᠠᠶᠢᠬᠠᠮᠰᠢᠭ ᠢᠶᠠᠷ ᠪᠢᠯᠬᠠᠭᠰᠠᠨ ᠢᠦᠢ ᠴᠢᠤᠸᠠᠨ ᠤ ᠰᠤᠶᠤᠯ ᠤᠨ ᠡᠭᠦᠳᠦᠯᠲᠡ᠂ ᠤᠯᠠᠮᠵᠢᠯᠠᠯᠲᠤ ᠤᠷ᠎ᠠ ᠮᠡᠷᠭᠡᠵᠢᠯ ᠪᠠ ᠭᠠᠷ ᠤᠷᠠᠯᠠᠯ ᠤᠨ ᠪᠦᠲᠦᠭᠡᠯ ᠨᠢᠭᠡᠪᠦᠷᠢ ᠨᠢ ᠴᠥᠮ ᠤᠷᠠᠨ ᠠᠪᠢᠶᠠᠰ ᠲᠠᠢ ᠭᠠᠷᠮᠠᠭᠠᠶ ᠪᠦᠲᠦᠭᠡᠯ ᠪᠠᠶᠢᠵᠤ᠂ ᠳᠤᠮᠳᠠᠳᠤ ᠶᠢᠨ ᠤᠯᠠᠮᠵᠢᠯᠠᠯᠲᠤ ᠰᠤᠶᠤᠯ ᠤᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠦᠭᠰᠡᠨ ᠪᠠᠶᠢᠨ᠎ᠠ᠃
     ᠬᠤᠲᠠ ᠶᠢᠨ ᠰᠢᠨ᠎ᠡ ᠨᠠᠭᠠᠳᠬᠤ ᠠᠷᠭ᠎ᠠ ᠶᠢ ᠬᠠᠶᠢᠨ ᠰᠦᠪᠡᠭᠴᠢᠯᠡᠬᠦ ᠬᠥᠳᠡᠯᠭᠡᠭᠡᠨ ᠤ ᠬᠤᠭᠤᠴᠠᠭᠠᠨ ᠳᠤ᠂ ᠵᠤᠭᠠᠴᠠᠭᠰᠠᠳ ᠱᠠᠭᠠᠷᠳᠠᠯᠭ᠎ᠠ ᠶᠣᠰᠣᠭᠠᠷ ᠨᠢᠭᠡ ᠬᠥᠳᠡᠯᠭᠡᠭᠡᠨ ᠤ ᠴᠡᠭ ︵ᠬᠦᠢ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ᠂ ᠢᠦᠢ ᠴᠢᠤᠸᠠᠨ ᠬᠤᠳᠤᠭ᠂ ᠹᠠᠩ ᠼᠦᠨ ᠭᠤᠲᠤᠮᠵᠢ︶ ᠲᠤ ᠰᠡᠭᠦᠳᠡᠷ ᠠᠪᠴᠤ᠂ ︽ᠪᠢ ᠢᠦᠢ ᠴᠢᠤᠸᠠᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠦᠩᠭᠡᠷᠡᠭᠦᠯᠦᠶ᠎ᠡ︾ ᠭᠡᠬᠦ ᠶᠠᠷᠢᠶᠠᠨ ᠤ ᠰᠡᠳᠦᠪ ᠤᠨ ᠵᠢᠷᠤᠭ ᠪᠤᠶᠤ ᠸᠢᠳᠢᠤ᠋ ᠢᠶᠠᠨ ᠲᠢᠺ ᠲᠣᠺ ᠪᠤᠶᠤ ᠵᠢᠵᠢᠭ ᠤᠯᠠᠭᠠᠨ ᠪᠢᠴᠢᠭ ᠤᠨ ᠰᠦᠯᠵᠢᠶᠡᠨ ᠳᠡᠭᠡᠷᠡᠬᠢ ᠲᠠᠪᠴᠠᠩ ᠳᠤ ᠨᠡᠶᠢᠲᠡᠯᠡᠪᠡᠯ ᠲᠣᠭᠲᠠᠭᠰᠠᠨ ᠬᠥᠳᠡᠯᠭᠡᠭᠡᠨ ᠤ ᠭᠠᠵᠠᠷ ᠲᠤ ᠬᠦᠷᠴᠦ ︽ᠪᠤᠶᠠᠨᠲᠤ ᠢᠦᠢ ᠴᠢᠤᠸᠠᠨ︾ ᠬᠡᠮᠡᠬᠦ ᠰᠤᠶᠤᠯ ᠤᠨ ᠡᠭᠦᠳᠦᠯᠲᠡ ᠶᠢᠨ ᠬᠦᠯᠳᠡᠭᠡᠭᠦᠷ ᠤᠨ ᠨᠠᠭᠠᠯᠲᠠ ᠠᠪᠴᠤ ᠪᠣᠯᠤᠨ᠎ᠠ᠃
     ᠢᠦᠢ ᠴᠢᠤᠸᠠᠨ ᠲᠣᠭᠤᠷᠢᠭ ᠪᠠᠶᠠᠯᠢᠭ ᠰᠠᠶᠢᠬᠠᠨ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号