ᠵᠤ᠋ ᠸᠧᠨ ᠪᠦᠸᠧ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ 
ᠨᠡᠶᠢᠲᠡᠯᠡᠭᠰᠡᠨ ᠴᠠᠭ᠄
2024/6/6
     ᠵᠤ᠋ ᠸᠧᠨ ᠪᠦᠸᠧ᠂ ᠡᠷᠡᠭᠲᠡᠶ᠂ 1977 ᠣᠨ ᠤ 11 ᠰᠠᠷ᠎ᠠ ᠳᠤ ᠲᠦᠷᠦᠵᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠱᠠᠩᠳᠤ ᠶᠢᠨ ᠬᠥᠮᠦᠨ᠂ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ᠂ 1999 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠤ᠂ 1999 ᠣᠨ ᠤ 12 ᠰᠠᠷ᠎ᠠ ᠳᠤ ᠠᠵᠢᠯ ᠭᠠᠷᠴᠠᠢ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠮᠥᠨ᠃ ᠬᠤᠪᠢᠳᠠᠨ ᠬᠠᠮᠢᠶᠠᠷᠬᠤ ᠠᠵᠢᠯ᠄      ᠲᠣᠭᠤᠷᠢᠭ ᠤᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷᠢᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠣᠷᠳᠣᠨ ᠤ ᠬᠠᠤᠯᠢ ᠲᠦᠷᠢᠮ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠯᠢᠦ ᠵᠢᠢ ᠶᠤᠸᠠᠨ ᠲᠣᠭᠤᠷᠢᠭ ᠤᠨ ᠳᠡᠳ᠋ ᠳᠠᠷᠤᠭ᠎ᠠ ᠶᠢ ᠬᠠᠪᠰᠤᠷᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠴᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠵᠢᠯ ᠢ ᠡᠷᠬᠢᠯᠡᠨ᠎ᠠ᠃ ᠲᠣᠭᠤᠷᠢᠭ ᠤᠨ ᠬᠠᠥᠯᠢ ᠴᠠᠭᠠᠵᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠰᠢᠭᠦᠬᠦ ᠬᠤᠷᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠷᠢᠯᠴᠠᠨ᠎ᠠ᠃ ᠰᠢᠩ ᠯᠦᠩ ᠰᠢᠶᠠᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠢ ᠳᠠᠭᠠᠭᠠᠴᠢᠯᠠᠨ ᠬᠠᠷᠢᠯᠴᠠᠨ᠎ᠠ᠃
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号