︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠵᠦ᠂ ᠦᠨᠡᠨᠴᠢ ᠰᠢᠳᠤᠷᠭᠤ ᠪᠣᠳᠠᠲᠠᠢ ᠠᠵᠢᠯᠯᠠᠵᠤ ᠳᠤᠮᠳᠠ ᠤᠷᠤᠰᠬᠠᠯ ᠳᠤ ᠤᠷᠤᠬᠤ︾ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠤᠷᠤᠭᠤᠯᠪᠠ
ᠨᠡᠶᠢᠲᠡᠯᠡᠭᠰᠡᠨ ᠴᠠᠭ᠄
2024/7/11
     ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ︽ᠬᠥᠬᠡᠬᠤᠲᠠ ᠶᠢᠨ ᠭᠡᠷᠡᠯ ᠭᠢᠯᠪᠠᠭ᠎ᠠ︾ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠴᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠵᠦ᠂ ᠦᠨᠡᠨᠴᠢ ᠰᠢᠳᠤᠷᠭᠤ ᠪᠣᠳᠠᠲᠠᠢ ᠠᠵᠢᠯᠯᠠᠵᠤ ᠳᠤᠮᠳᠠ ᠤᠷᠤᠰᠬᠠᠯ ᠳᠤ ᠤᠷᠤᠬᠤ︾ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠵᠦ᠂ ᠦᠨᠡᠨᠴᠢ ᠰᠢᠳᠤᠷᠭᠤ ᠪᠣᠳᠠᠲᠠᠢ ᠠᠵᠢᠯᠯᠠᠵᠤ ᠳᠤᠮᠳᠠ ᠤᠷᠤᠰᠬᠠᠯ ᠳᠤ ᠤᠷᠤᠬᠤ︾ ᠭᠤᠣᠯ ᠰᠡᠳᠦᠪ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠦᠨᠳᠦᠰᠦᠨ ᠱᠠᠲᠤᠨ ᠤ ᠵᠠᠰᠠᠯᠲᠠ ᠶᠢ ᠠᠷᠠᠳ ᠲᠦᠮᠡᠨ ᠢᠶᠠᠷ ᠭᠤᠣᠯ ᠪᠣᠯᠭᠠᠬᠤ ᠭᠤᠷᠪᠠᠨ ᠲᠠᠯ᠎ᠠ ᠶᠢᠨ ᠲᠣᠭᠤᠷᠢᠨ ᠳᠤ᠂ ᠪᠣᠳᠠᠲᠠᠢ ᠦᠯᠢᠭᠡᠷ ᠢ ᠶᠠᠷᠢᠬᠤ ᠪᠠᠷ ᠳᠠᠮᠵᠢᠭᠤᠯᠵᠤ᠂ ᠬᠡᠶᠢᠰᠪᠦᠷᠢ ᠤᠨᠤᠯ ᠤᠨ ᠮᠡᠳᠡᠯᠭᠡ ᠶᠢ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠡᠰᠢᠭᠦᠳ ᠲᠤ ᠰᠢᠨ᠎ᠡ ᠴᠠᠭ ᠦᠶ᠎ᠡ ᠳᠤ ᠲᠡᠳᠡᠨ ᠳᠤ ᠣᠯᠭᠤᠭᠰᠠᠨ ᠰᠢᠨ᠎ᠡ ᠡᠭᠦᠷᠭᠡ ᠪᠣᠯᠤᠨ ᠰᠢᠨ᠎ᠡ ᠡᠭᠦᠷᠭᠡᠯᠡᠯ ᠢ ᠭᠦᠨᠵᠡᠭᠡᠢ ᠮᠡᠳᠡᠷᠡᠭᠦᠯᠪᠡ᠃
     ᠤᠬᠠᠭᠤᠯᠤᠨ ᠲᠠᠶᠢᠯᠪᠤᠷᠢᠯᠠᠯᠲᠠ ᠨᠢ ᠲᠤᠬᠠᠶ ᠶᠢᠨ ᠲᠠᠯᠠᠪᠠᠢ ᠶᠢᠨ ᠪᠠᠶᠢᠨ ᠪᠠᠶᠢᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠢ ᠤᠯᠵᠤ᠂ ᠠᠯᠠᠭ᠎ᠠ ᠲᠠᠰᠢᠯᠳᠠ ᠶᠢᠨ ᠲᠠᠭᠤᠨ ᠤᠳᠠᠭ᠎ᠠ ᠳᠠᠷᠠᠭᠠᠯᠠᠨ ᠴᠤᠤᠷᠢᠶᠠᠲᠤᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠤᠨ ᠭᠤᠶᠢᠳᠠ ᠰᠠᠶᠢᠬᠠᠨ ᠶᠠᠷᠢᠶ᠎ᠠ ᠶᠢ ᠮᠡᠳᠡᠷᠡᠭᠰᠡᠨ ᠢᠶᠠᠷ ᠪᠠᠷᠠᠬᠤ ᠦᠭᠡᠢ᠂ ᠨᠡᠩ ᠴᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢ ᠨᠡᠭᠡᠭᠡᠵᠦ᠂ ᠦᠨᠡᠨᠴᠢ ᠰᠢᠳᠤᠷᠭᠤ ᠪᠣᠳᠠᠲᠠᠢ ᠠᠵᠢᠯᠯᠠᠵᠤ ᠳᠤᠮᠳᠠ ᠤᠷᠤᠰᠬᠠᠯ ᠳᠤ ᠤᠷᠤᠬᠤ︾ ᠭᠤᠣᠯ ᠰᠡᠳᠦᠪ ᠤᠨ ᠭᠦᠨᠵᠡᠭᠡᠢ ᠴᠤᠤᠷᠢᠶᠠᠳᠤᠯ ᠪᠣᠯᠪᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠲᠡᠳᠡᠨ ᠳᠤ ᠮᠠᠰᠢ ᠶᠡᠭᠡ ᠠᠰᠢᠭ ᠬᠦᠷᠲᠡᠭᠡᠵᠦ᠂ ᠨᠠᠮ ᠤᠨ ᠣᠨᠣᠯ ᠪᠠ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠢᠲᠡᠭᠡᠯ ᠵᠣᠷᠢᠭ ᠢ ᠨᠠᠩ ᠬᠥᠭᠵᠢᠭᠡᠪᠡ ᠭᠡᠵᠦ ᠢᠯᠡᠳᠬᠡᠵᠡᠭᠡᠪᠡ᠃      ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ︽ᠵᠢᠵᠢᠭ ᠦᠯᠢᠭᠡᠷ︾ ᠢᠶᠠᠷ ︽ᠶᠡᠭᠡ ᠶᠣᠰᠣ︾ ᠶᠢ ᠰᠠᠶᠢᠲᠤᠷ ᠶᠠᠷᠢᠵᠤ᠂ ︽ᠵᠢᠵᠢᠭ ᠦᠯᠢᠭᠡᠷ︾ ᠢᠶᠠᠷ ︽ᠶᠡᠭᠡ ᠭᠤᠣᠯ ᠰᠡᠳᠦᠪ︾ ᠢ ᠲᠣᠳᠣᠷᠬᠠᠢ ᠶᠠᠷᠢᠵᠤ᠂ ᠤᠯᠠᠨ ᠲᠦᠮᠡᠨ ᠲᠠᠢ ᠤᠢᠢᠷᠠᠳᠤᠭᠰᠠᠨ᠂ ᠠᠮᠢᠵᠢᠷᠠᠯ ᠤᠨ ᠬᠦᠴᠦᠨ ᠲᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠢᠦᠢ ᠴᠢᠤᠸᠠᠨ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠳᠤ ᠰᠢᠨ᠎ᠡ ᠰᠡᠪᠡᠭᠦᠨ᠂ ᠭᠤᠶᠢᠳᠠ ᠰᠠᠶᠢᠬᠠᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ ᠤᠯᠠᠨ ᠤ ᠰᠠᠶᠢᠨ ᠦᠨᠡᠯᠡᠯᠲᠡ ᠶᠢ ᠤᠯᠪᠠ᠃ ᠬᠤᠶᠢᠰᠢᠳᠠ ᠢᠦᠢ ᠴᠢᠤᠸᠠᠨ ᠲᠣᠭᠤᠷᠢᠭ ᠤᠨ ᠬᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠣᠯᠤᠨ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠪᠣᠯᠤᠨ᠎ᠠ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号