ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠤᠷᠤᠭᠤᠯᠪᠠ
ᠨᠡᠶᠢᠲᠡᠯᠡᠭᠰᠡᠨ ᠴᠠᠭ᠄
2024/7/12
     ᠦᠨᠡᠨᠴᠢ ᠢᠲᠡᠭᠡᠮᠵᠢᠲᠡᠢ ᠪᠠᠶᠢᠬᠤ᠂ ᠪᠥᠯᠬᠦᠮᠳᠡᠨ ᠬᠠᠪᠰᠤᠷᠤᠯᠴᠠᠬᠤ᠂ ᠡᠷᠡᠭᠦᠯ ᠥᠭᠡᠳᠡᠷᠬᠡᠭ ᠨᠡᠶᠢᠭᠡᠮ ᠤᠨ ᠶᠣᠰᠣ ᠰᠤᠷᠲᠠᠬᠤᠨ ᠤ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ︽ᠬᠦᠬᠡᠬᠤᠲᠠ ᠶᠢᠨ ᠬᠡᠷᠡᠯ ᠭᠢᠯᠪᠠᠭ᠎ᠠ︾ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠴᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠳᠤᠮᠳᠠ᠂ ᠤᠬᠠᠭᠤᠯᠤᠨ ᠲᠠᠶᠢᠯᠪᠤᠷᠢᠯᠠᠭᠴᠢ ᠦᠨᠡᠨᠴᠢ ᠢᠲᠡᠭᠡᠮᠵᠢ ᠶᠢᠨ ᠠᠭᠤᠯᠤᠭᠳᠠᠬᠤᠨ᠂ ᠦᠨ᠎ᠡ ᠥᠷᠲᠡᠭ᠂ ᠠᠴᠢ ᠬᠤᠯᠪᠣᠭᠳᠠᠯ ᠵᠡᠷᠭᠡ ᠲᠠᠯ᠎ᠠ ᠪᠠᠷ ᠭᠤᠤᠯᠯᠠᠭᠤᠯᠤᠨ᠂ ᠣᠳᠣᠬᠠᠨ ᠤ ᠨᠡᠶᠢᠭᠡᠮ ᠤᠨ ᠪᠣᠳᠠᠲᠤ ᠪᠠᠶᠢᠳᠠᠯ ᠪᠠ ᠶᠡᠭᠡ ᠬᠡᠮᠵᠢᠶᠡᠨ ᠤ ᠠᠮᠢᠳᠤᠯᠢᠭ ᠬᠡᠷᠡᠭ ᠤᠨ ᠵᠢᠱᠢᠶ᠎ᠡ ᠪᠠ ᠲᠤᠭ᠎ᠠ ᠪᠠᠷᠢᠮᠲᠠ ᠲᠠᠢ ᠤᠶᠠᠯᠳᠤᠭᠤᠯᠵᠤ᠂ ᠳᠡᠷᠭᠡᠳᠡᠬᠢ ᠵᠢᠵᠢᠭ ᠦᠯᠢᠭᠡᠷ ᠲᠠᠢ ᠪᠠᠨ ᠤᠶᠠᠯᠳᠤᠭᠤᠯᠤᠨ ᠶᠡᠭᠡ ᠶᠣᠰᠣ ᠶᠢ ᠲᠣᠳᠣᠷᠬᠠᠶ ᠶᠠᠷᠢᠵᠤ᠂ ᠬᠠᠶᠢᠷ᠎ᠠ ᠰᠡᠳᠬᠢᠯᠭᠡ ᠲᠠᠢ ᠮᠥᠷᠲᠡᠭᠡᠨ ᠪᠠᠰᠠ ᠦᠢᠯᠡᠳᠦᠯᠭᠡ ᠶᠢᠨ ᠡᠷᠴᠢᠮ ᠲᠠᠢ ᠪᠠᠶᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠣᠳᠣᠷᠬᠠᠶᠢᠯᠠᠨ ᠥᠭᠦᠯᠡᠪᠡ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠲᠤᠬᠠᠶ ᠶᠢᠨ ᠲᠠᠯᠠᠪᠠᠢ ᠳᠤ ᠪᠠᠶᠢᠭᠰᠠᠨ ᠰᠣᠨᠣᠰᠤᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠰᠠᠶᠢᠨ ᠦᠨᠡᠯᠡᠯᠲᠡ ᠶᠢ ᠣᠯᠵᠠᠶ᠃ ᠣᠯᠠᠨ ᠢᠶᠠᠷ ᠢᠶᠠᠨ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ᠂ ᠠᠷᠠᠳ ᠤᠨ ᠠᠮᠢᠳᠤᠷᠠᠯ ᠲᠠᠢ ᠣᠶᠢᠷᠠᠲᠤᠭᠰᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠤᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠬᠡᠪ ᠰᠤᠷᠲᠠᠯ ᠪᠣᠯᠭᠠᠵᠤ᠂ ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号