ᠰᠡᠳᠬᠢᠴᠡ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠢᠦᠢ ᠴᠢᠤᠸᠠᠨ ᠲᠣᠭᠤᠷᠢᠭ ᠤᠨ ᠵᠡᠭᠦᠨ ᠡᠯ ᠳ᠋ᠤᠤ ᠾᠧ ᠰᠤᠷᠭᠠᠭᠤᠯᠢ ᠳᠤ ᠬᠦᠷᠭᠡᠪᠡ
ᠨᠡᠶᠢᠲᠡᠯᠡᠭᠰᠡᠨ ᠴᠠᠭ᠄
2024/7/15
     ᠰᠤᠷᠤᠭᠴᠢᠳ ᠤᠨ ᠬᠠᠥᠯᠢᠵᠢᠯ ᠤᠨ ᠤᠬᠠᠮᠰᠠᠷ ᠢ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠰᠤᠷᠬᠤ᠂ ᠬᠠᠤᠯᠢ ᠲᠦᠭᠡᠮᠡᠯᠵᠢᠭᠦᠯᠬᠦ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠬᠠᠥᠯᠢᠵᠢᠯ ᠤᠨ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠵᠡᠭᠦᠨ ᠡᠯ ᠳ᠋ᠤᠤ ᠾᠧ ᠰᠤᠷᠭᠠᠭᠤᠯᠢ ᠳᠤ ︽ᠰᠡᠳᠬᠢᠯ ᠰᠠᠨᠠᠭ᠎ᠠ ᠪᠠᠨ ᠤᠮᠳᠠᠯᠠᠵᠤ ᠦᠰᠦᠨ ᠪᠤᠶᠢᠵᠢᠵᠤ᠂ ᠰᠡᠳᠬᠢᠯ ᠨᠢᠭᠡᠳᠦᠨ ᠢᠷᠡᠭᠡᠳᠦᠶ ᠪᠠᠨ ᠬᠠᠮᠠᠭᠠᠯᠠᠬᠤ︾ — ᠰᠡᠳᠬᠢᠴᠡ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠡᠴᠡᠷᠯᠢᠭ ᠤᠨ ᠨᠠᠶᠢᠷ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠴᠡᠴᠡᠷᠯᠢᠭ ᠢᠶᠠᠷ ᠵᠤᠭᠠᠴᠠᠬᠤ ᠬᠤᠷᠠᠯ ᠤᠨ ᠬᠡᠯᠪᠡᠷᠢ ᠪᠠᠷ ᠳᠠᠮᠵᠢᠭᠤᠯᠤᠨ᠂ ᠡᠯ᠎ᠡ ᠶᠡᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠤᠯᠪᠣᠭᠠᠯᠠᠨ ᠲᠤᠬᠠᠶ ᠶᠢᠨ ᠲᠠᠯᠠᠪᠤᠷ ᠲᠤ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠺᠠᠷᠲ ᠤᠨ ᠲᠣᠭᠤᠷᠢᠭ︾᠂ ︽ᠦᠰᠦᠭ ᠲᠠᠨᠢᠵᠤ ᠵᠢᠷᠤᠭ ᠠᠪᠬᠤ︾᠂ ︽ᠵᠥᠪ ᠪᠤᠷᠤᠭᠤ ᠶᠢ ᠢᠯᠭᠠᠨ ᠲᠠᠨᠢᠬᠤ︾᠂ ︽ᠴᠢ ᠶᠠᠷᠢᠵᠤ ᠪᠢ ᠰᠢᠭᠦᠮᠵᠢᠯᠡᠬᠦ︾ ᠵᠡᠷᠭᠡ 8 ᠠᠵᠢᠯᠯᠠᠭᠠᠨ ᠤ ᠲᠣᠭᠤᠷᠢᠭ ᠭᠠᠷᠭᠠᠵᠤ᠂ ᠰᠢᠨ᠎ᠡ ᠰᠡᠪᠡᠭᠦᠨ ᠰᠣᠨᠢᠷᠬᠠᠯᠲᠠᠶ ᠬᠡᠯᠪᠡᠷᠢ ᠪᠠᠷ ᠰᠤᠷᠤᠭᠴᠢᠳ ᠢ ᠳᠠᠭᠠᠭᠤᠯᠤᠨ ᠬᠠᠥᠯᠢᠵᠢᠯ ᠤᠨ ᠵᠤᠭᠠᠴᠠᠯ ᠤᠨ ᠴᠡᠴᠡᠷᠯᠢᠭ ᠤᠨ ᠪᠠᠶᠠᠷ ᠪᠠᠶᠠᠰᠤᠯ ᠢ ᠬᠠᠮᠲᠤ ᠪᠠᠷ ᠣᠶᠢᠯᠠᠭᠠᠭᠤᠯᠪᠠ᠃
     ᠰᠤᠷᠤᠭᠴᠢᠳ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠴᠢᠷᠠᠢ ᠳᠤ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠵᠤ ᠪᠠᠶᠢᠯ᠎ᠠ᠃ ᠲᠡᠳᠡ᠂ ᠲᠣᠯᠣᠭᠠᠢ ᠳᠠᠷᠤᠨ ᠪᠣᠳᠣᠯᠭᠠᠰᠢᠷᠠᠨ᠂ ᠬᠥᠭᠵᠢᠯᠲᠡᠢ ᠶᠠᠷᠢᠯᠴᠠᠵᠤ᠂ ᠡᠰᠡᠬᠦᠯ᠎ᠡ ᠪᠠᠶᠠᠷᠯᠠᠨ ᠬᠠᠰᠬᠢᠷᠤᠨ ᠪᠠᠷᠬᠢᠷᠠᠵᠤ᠂ ᠬᠤᠷᠣᠮᠬᠠᠨ ᠵᠠᠭᠤᠷ᠎ᠠ ᠠᠯᠢᠪᠠ ᠪᠥᠬᠦᠨ ᠴᠥᠮ ᠦᠰᠦᠨ ᠪᠤᠶᠢᠵᠢᠵᠤ ᠪᠠᠶᠢᠭ᠎ᠠ ᠤᠯᠠ ᠮᠥᠷ ᠪᠣᠯᠣᠨ ᠵᠣᠯ ᠵᠢᠷᠭᠠᠯᠲᠠᠢ ᠬᠤᠷᠣᠮᠬᠠᠨ ᠵᠠᠭᠤᠷ᠎ᠠ ᠪᠠᠷ ᠳᠦᠭᠦᠷᠴᠦ ᠪᠠᠢᠯ᠎ᠠ᠃
     ᠬᠡᠦᠬᠡᠳ ᠤᠳ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠵᠤᠭᠠᠴᠠᠯ ᠤᠨ ᠴᠡᠴᠡᠷᠯᠢᠭ ᠨᠢ ᠲᠡᠳᠡᠨ ᠳᠤ ᠠᠪᠴᠤ ᠬᠡᠯᠡᠪᠡᠯ ᠨᠢᠭᠡ ᠤᠳᠠᠭᠠᠨ ᠤ ᠮᠠᠷᠲᠠᠭᠳᠠᠰᠢ ᠦᠭᠡᠢ ᠥᠩᠭᠡᠷᠡᠯᠲᠡ ᠪᠣᠯᠤᠨ᠎ᠠ᠃ ᠬᠡᠦᠬᠡᠳ ᠤᠨ ᠶᠠᠷᠢᠶ᠎ᠠ ᠳᠤᠮᠳᠠ ᠮᠡᠳᠡᠯᠭᠡ ᠶᠢᠨ ᠬᠦᠰᠡᠯ ᠡᠷᠡᠮᠡᠯᠵᠡᠯ ᠪᠠ ᠠᠮᠢᠳᠤᠷᠠᠯ ᠳᠤ ᠬᠠᠶᠢᠷ᠎ᠠ ᠰᠡᠳᠬᠢᠯᠭᠡ ᠲᠠᠢ ᠪᠣᠯᠵᠤ᠂ ᠲᠤᠰ ᠤᠳᠠᠭᠠᠨ ᠤ ᠴᠡᠴᠡᠷᠯᠢᠭ ᠨᠢ ᠲᠡᠳᠡᠨ ᠢ ᠲᠣᠭᠯᠠᠭᠠᠮ ᠤᠨ ᠳᠤᠮᠳᠠ ᠪᠠᠶᠠᠷ ᠪᠠᠶᠠᠰᠤᠯ ᠬᠦᠷᠲᠡᠭᠡᠭᠰᠡᠨ ᠢᠶᠠᠷ ᠪᠠᠷᠠᠬᠤ ᠦᠭᠡᠢ᠂ ᠨᠡᠩ ᠴᠤ ᠰᠠᠨᠠᠭᠠᠨ ᠳᠤ ᠦᠭᠡᠢ ᠣᠶᠢᠯᠠᠭᠠᠯᠲᠠ ᠪᠠᠨ ᠨᠡᠮᠡᠭᠳᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃      ᠲᠣᠰ ᠤᠳᠠᠭᠠᠨ ᠤ ︽ᠰᠡᠳᠬᠢᠯ ᠰᠠᠨᠠᠭ᠎ᠠ ᠪᠠᠨ ᠤᠮᠳᠠᠯᠠᠵᠤ ᠦᠰᠦᠨ ᠪᠤᠶᠢᠵᠢᠵᠤ᠂ ᠰᠡᠳᠬᠢᠯ ᠨᠢᠭᠡᠳᠦᠨ ᠢᠷᠡᠭᠡᠳᠦᠶ ᠪᠠᠨ ᠬᠠᠮᠠᠭᠠᠯᠠᠬᠤ︾ ᠰᠡᠳᠬᠢᠴᠡ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠡᠴᠡᠷᠯᠢᠭ ᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ ᠲᠠᠯ᠎ᠠ ᠪᠠᠷ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠪᠢᠳᠡ ᠭᠠᠷ ᠬᠤᠯᠪᠣᠯᠴᠠᠨ ᠵᠡᠷᠭᠡ ᠪᠠᠷ ᠤᠷᠤᠭᠰᠢᠯᠠᠵᠤ᠂ ᠬᠡᠤᠬᠡᠳ ᠨᠢᠭᠡᠪᠦᠷᠢ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠶ᠎ᠠ︕         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号