ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠡᠶ᠎ᠡ ᠵᠤᠬᠢᠴᠠᠩᠭᠤᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/16
     ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ 2024 ᠣᠨ ᠤ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠳᠠ ᠱᠧᠩ ᠺᠦᠢ ᠰᠤᠶᠤᠯ ᠤᠨ ᠡᠭᠦᠳᠦᠯᠲᠡ ᠶᠢᠨ ᠬᠦᠷᠢᠶᠡᠯᠡᠩ ᠤᠨ ᠬᠤᠶᠢᠲᠤ ᠲᠣᠭᠤᠷᠢᠭ ᠤᠨ ᠠᠭᠤᠳᠠᠮ ᠲᠠᠯᠠᠪᠠᠢ ᠳᠤ ᠶᠠᠪᠤᠭᠳᠠᠪᠠ᠃
      ᠶᠧᠯᠸᠢ᠂ ᠮᠥᠷᠥᠨ ᠳᠡᠭᠡᠷᠡᠬᠢ ᠪᠠᠯᠧᠲ᠂ ᠥᠨᠳᠥᠷ ᠡᠰᠢᠲᠤ ᠤᠷᠠᠯᠢᠭ ᠤᠨ ᠳᠦᠷᠰᠦ ᠪᠦᠲᠦᠭᠡᠯᠲᠡ᠂ ᠲᠠᠪᠴᠠᠩ ᠤᠨ ᠮᠡᠷᠭᠡᠵᠢᠯ ᠵᠡᠷᠭᠡ ᠭᠤᠴᠣ ᠰᠠᠶᠢᠬᠠᠨ ᠲᠣᠭᠯᠠᠯᠲᠠ ᠵᠠᠯᠭᠠᠭ᠎ᠠ ᠪᠠᠷ ᠡᠬᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠧᠴᠤᠸᠠᠨ ᠵᠦᠴᠦᠭᠡ ᠶᠢᠨ ᠲᠣᠭᠯᠠᠯᠲᠠ ︽ᠴᠢᠷᠠᠢ ᠬᠤᠪᠢᠷᠠᠭᠰᠠᠨ︾ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠯᠭᠡᠨ ᠦᠵᠡᠭᠦᠯᠵᠦ᠂ ᠲᠣᠭᠯᠠᠭᠴᠢᠳ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠰᠣᠶᠣᠯ ᠤᠨ ᠶᠡᠭᠡ ᠬᠤᠭᠤᠯᠠ᠂ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠬᠠᠮᠲᠤ ᠪᠠᠰᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠡᠪᠲᠡᠷᠡᠯᠴᠡᠭᠡ ᠶᠢᠨ ᠬᠥᠭᠦᠷᠭᠡ ᠶᠢ ᠪᠠᠶᠢᠭᠤᠯᠵᠤ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠡᠯᠪᠡᠭ ᠪᠠᠶᠠᠯᠢᠭ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠂ ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠶᠠᠩᠵᠤ ᠶᠢᠨ ᠬᠡᠯᠪᠡᠷᠢ ᠶᠢᠨ᠂ ᠪᠠᠶᠠᠯᠢᠭ ᠰᠠᠶᠢᠬᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠬᠦ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号