ᠰᠢᠶᠠᠩ ᠪᠠᠯᠭᠠᠰᠤᠨ ᠤ ᠲᠡᠰ ᠤᠨ ᠭᠤᠤᠯ ᠮᠥᠷᠡᠨ ᠤ ᠳᠠᠷᠤᠭ᠎ᠠ ᠶᠢ ᠲᠣᠬᠢᠷᠠᠭᠤᠯᠬᠤ ᠲᠤᠬᠠᠶ ᠢᠦᠶ ᠴᠢᠤᠸᠠᠨ ᠲᠣᠭᠤᠷᠢᠭ ᠤᠨ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠵᠠᠷᠯᠠᠯ
ᠨᠡᠶᠢᠲᠡᠯᠡᠭᠰᠡᠨ ᠴᠠᠭ᠄
2024/7/16
     ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠤᠷ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ  ﹇2018﹈ 4 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠭᠤᠤᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 2024 ᠣᠨ ᠤ ᠰᠢᠶᠠᠩ ᠪᠠᠯᠭᠠᠰᠤᠨ ᠤ ᠳᠡᠰ ᠤᠨ ᠭᠤᠤᠯ ᠮᠦᠷᠡᠨ ᠤ ᠳᠠᠷᠤᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠲᠣ ᠢᠦᠶ ᠴᠢᠤᠸᠠᠨ ᠲᠣᠭᠤᠷᠢᠭ ᠤᠨ ᠰᠢᠶᠠᠩ ᠪᠠᠯᠭᠠᠰᠤᠨ ᠤ ᠳᠡᠰ ᠤᠨ ᠭᠤᠤᠯ ᠮᠦᠷᠡᠨ ᠤ ᠳᠠᠷᠤᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄ ᠬᠤᠤ ᠲᠦ᠋ ᠮᠧᠩ ᠨᠥᠬᠦᠷ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠶᠡᠷᠦᠩᠬᠡᠶ ᠭᠤᠤᠯ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ︔ ᠦ᠋ ᠵᠢᠶ ᠹᠧᠩ ᠨᠥᠬᠦᠷ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠭᠡ ᠲᠦᠷᠭᠡᠨ ᠭᠤᠤᠯ ᠤᠨ ᠭᠤᠤᠯ ᠮᠥᠷᠡᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ︔ ᠪᠠ ᠷᠦᠢ ᠵᠢᠶᠦ᠋ᠨ ᠨᠥᠬᠦᠷ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠭ᠎ᠠ ᠲᠦᠷᠭᠡᠨ ᠭᠤᠤᠯ ᠤᠨ ᠭᠤᠤᠯ ᠮᠥᠷᠡᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠪᠤᠰᠤᠳ ᠰᠢᠶᠠᠩ ᠪᠠᠯᠭᠠᠰᠤᠨ ᠤ ᠳᠡᠰ ᠤᠨ ᠭᠤᠣᠯ ᠮᠥᠷᠡᠨ ᠤ ᠳᠠᠷᠤᠭ᠎ᠠ ᠬᠤᠪᠢᠷᠠᠬᠤ ᠦᠭᠡᠢ᠃      ᠢᠦᠢ ᠴᠢᠤᠸᠠᠨ ᠲᠣᠭᠤᠷᠢᠭ ᠤᠨ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ                   2024 ᠣᠨ ᠤ 7 ᠳ᠋ᠤᠭᠠᠷ ᠰᠠᠷ᠎ᠠ ᠶᠢᠨ 11 ᠤ ᠡᠳᠦᠷ                ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ  
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号