︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠢᠦᠶ ᠴᠢᠤᠸᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢ ᠥᠭᠡᠷᠡᠴᠢᠯᠡᠬᠦ | ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠬᠥᠬᠡᠬᠤᠲᠠ ᠨᠠᠮ ᠠᠯᠪᠠᠨ ᠲᠠᠷᠬᠠᠭᠠᠭᠰᠠᠨ ﹇2014﹈ | 17 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠠᠶᠤᠯ ᠥᠬᠡᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠢᠦᠶ ᠴᠢᠤᠸᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃ | | | ᠨᠢᠭᠡ᠂ ᠭᠤᠤᠯ ᠡᠭᠦᠷᠭᠡ ᠴᠢᠳᠠᠮᠵᠢ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠠᠷᠭ᠎ᠠ ᠬᠡᠮᠵᠢᠶ᠎ᠡ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ | ᠵᠢᠱᠢᠵᠦ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | ︵ᠬᠤᠶᠠᠷ︶ ᠪᠥᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ | ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠦᠨ᠎ᠡ︔ ᠲᠣᠭᠤᠷᠢᠭ ᠤᠨ ᠰᠢᠶᠠᠩ ᠪᠠᠯᠭᠠᠰᠤ᠂ ᠬᠡᠷᠡᠭ ᠡᠷᠬᠢᠯᠡᠬᠦ | ᠭᠠᠵᠠᠷ᠂ ᠬᠦᠷᠢᠶᠡᠯᠡᠩ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠯᠣᠭᠤᠳᠤᠨ ᠵᠣᠬᠢᠴᠠᠭᠤᠯᠤᠨ᠎ᠠ︔ ᠪᠥᠬᠦ | ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠡᠵᠡᠮᠳᠡᠨ ᠰᠢᠯᠭᠠᠨ ᠬᠢᠨᠠᠬᠤ ᠬᠠᠷᠠᠯᠲᠠ ᠶᠢ ᠲᠣᠭᠲᠠᠭᠠᠬᠤ ᠪᠠ | ᠵᠠᠳᠠᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ | ᠦᠢᠯᠡᠳᠪᠦᠷᠢᠯᠡᠯ ᠤᠨ ᠠᠳᠡᠯ ᠢ ᠲᠣᠬᠢᠷᠠᠭᠤᠯᠤᠨ ᠪᠦᠷᠢᠳᠬᠡᠵᠦ ᠵᠠᠳᠠᠯᠬᠤ ᠪᠠ ᠠᠶᠤᠯᠭᠦᠶ ᠦᠢᠯᠡᠳᠪᠦᠷᠢᠯᠡᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠶᠡᠷᠦᠩᠬᠡᠶᠢᠯᠡᠨ ᠬᠠᠮᠢᠶᠠᠷᠤᠨ᠎ᠠ︔ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ | ᠳᠠᠭᠤᠰᠬᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ︔ ᠰᠠᠯᠠᠭ᠎ᠠ ᠮᠥᠴᠢᠷ ᠠᠴᠠ ᠵᠣᠬᠢᠶᠠᠨ | ᠪᠠᠶᠢᠭᠤᠯᠤᠭᠰᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠴᠤᠬᠤᠯᠠᠪᠤᠷᠢᠯᠠᠭᠤᠯᠬᠤ ᠴᠢᠬᠤᠯᠠᠲᠠᠶ | ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ | ᠰᠠᠨᠠᠯ ᠢᠶᠠᠨ ᠳᠤᠷᠠᠳᠤᠨ᠎ᠠ︔ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠪᠥᠬᠦ ᠲᠤᠭᠤᠷᠢᠭ ᠤᠨ ᠠᠶᠤᠯ ᠥᠬᠡᠶ | ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ︔ ᠬᠦᠨᠳᠦ | ᠣᠨᠴᠠ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ᠎ᠠ᠃ | ︵ᠲᠥᠷᠪᠡ︶ ᠠᠶᠤᠯᠲᠠᠶ ᠬᠢᠮᠢ ᠶᠢᠨ ᠡᠳ᠋᠂ ᠬᠤᠸᠠᠷ ᠫᠤᠤᠵᠢᠩ ᠦᠢᠯᠡᠳᠪᠦᠷᠢᠯᠡᠵᠦ ᠡᠵᠡᠩᠨᠡᠬᠦ ᠨᠢᠭᠡᠴᠡ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ ᠬᠠᠮᠢᠶᠠᠷᠤᠨ᠎ᠠ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠠᠵᠢᠯᠳᠡᠠ ᠤ ᠠᠶᠤᠯᠭᠦᠶ ᠶᠢᠨ ᠪᠣᠯᠪᠠᠰᠤᠷᠠᠭᠤᠯᠤᠯ᠂ | ᠬᠢᠨᠠᠨ ᠰᠢᠯᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠣᠨᠴᠠ ᠲᠥᠷᠥᠯ ᠤᠨ ᠠᠵᠢᠯ ᠬᠢᠭᠰᠡᠳ ︵ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯ ᠬᠢᠭᠰᠡᠳ ᠪᠠᠭᠲᠠᠬᠤ ᠥᠬᠡᠶ︶ ᠢ ᠰᠢᠯᠭᠠᠨ ᠬᠢᠨᠠᠬᠤ ᠠᠵᠢᠯ | ᠪᠠ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ | ᠭᠤᠤᠯ ᠡᠵᠡᠩᠨᠡᠨ ᠬᠠᠮᠢᠶᠠᠷᠤᠭᠴᠢ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠮᠤᠷ | ᠲᠦᠪᠰᠢᠨ ᠤ ᠬᠢᠷᠢ ᠬᠡᠮ ᠤᠨ ᠦᠨᠡᠮᠯᠡᠯ ᠲᠠᠢ ᠪᠠᠶᠢᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ᠎ᠠ᠃ | ︵ᠵᠢᠷᠭᠤᠭ᠎ᠠ︶ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠥᠭᠡᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠦ᠂ ᠱᠠᠳᠤ ᠬᠤᠪᠢᠶᠠᠬᠤ᠂ | ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠤᠨ ᠶᠣᠰᠣᠭᠠᠷ᠂ ᠦᠢᠯᠡᠳᠪᠦᠷᠢ ᠠᠭᠤᠷᠬᠠᠶ ᠬᠤᠳᠠᠯᠳᠤᠭ᠎ᠠ | ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠥᠭᠡᠢ | ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ ︵ᠣᠨᠴᠠ ᠲᠥᠷᠥᠯ ᠤᠨ ᠲᠤᠨᠤᠭ | ᠲᠥᠬᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ | ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | ︵ᠲᠤᠯᠤᠭ᠎ᠠ︶ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ | ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠠᠶᠤᠯᠭᠦᠶ ᠶᠢᠨ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ | ᠬᠠᠮᠲᠤ ᠳᠤᠨᠢ ᠵᠢᠷᠤᠵᠤ ᠲᠥᠯᠥᠪᠯᠡᠭᠰᠡᠨ᠂ ᠬᠠᠮᠲᠤ ᠳᠤᠨᠢ ᠪᠠᠷᠢᠵᠤ ᠪᠠᠶᠢᠭᠤᠯᠤᠭᠰᠠᠨ᠂ ᠬᠠᠮᠲᠤ ᠳᠤᠨᠢ ᠠᠰᠢᠭᠯᠠᠯᠲᠠ ᠳᠤ | ᠣᠷᠣᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ︔ ᠬᠦᠨᠳᠦ ᠶᠡᠭᠡ ᠠᠶᠤᠯ ᠤᠨ | ᠡᠬᠢ ᠰᠤᠷᠪᠤᠯᠵᠢ ᠶᠢ ᠬᠢᠨᠠᠨ ᠡᠵᠡᠮᠳᠡᠬᠦ᠂ ᠬᠦᠨᠳᠦ ᠶᠡᠭᠡ ᠠᠳᠡᠯ ᠤᠨ ᠲᠡᠯᠳᠠ ᠭᠡᠮ ᠢ ᠴᠡᠭᠴᠡᠯᠡᠨ ᠰᠠᠶᠢᠵᠢᠷᠠᠭᠤᠯᠬᠤ | ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | ︵ᠨᠠᠢᠮᠠ︶ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠤᠨ ᠲᠠᠯᠠᠪᠤᠷ ᠭᠠᠵᠠᠷ ᠤᠨ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ | ᠮᠡᠷᠭᠡᠵᠢᠯ ᠤᠨ ᠬᠤᠤᠷ ᠬᠥᠨᠥᠭᠡᠯ ᠤᠨ ᠠᠳᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ︔ ᠠᠶᠤᠯ ᠥᠭᠡᠢ ᠦᠢᠯᠡᠳᠪᠦᠷᠢᠯᠡᠯ ᠤᠨ ᠨᠥᠬᠦᠴᠡᠯ ᠢ | ᠪᠦᠷᠢᠳᠦᠭᠦᠯᠦᠭᠰᠡᠨ ᠥᠭᠡᠢ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠶᠢᠰᠦ︶ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠪᠣᠯᠤᠨ | ᠵᠢᠱᠢᠶ᠎ᠡ ᠦᠵᠡᠭᠦᠯᠬᠦ ᠠᠵᠢᠯ ᠤᠨ ᠠᠳᠡᠯ ᠥᠷᠨᠢᠭᠦᠯᠬᠦ ᠶᠢ ᠰᠤᠳᠤᠯᠬᠤ ᠳᠤ ᠣᠷᠣᠯᠴᠠᠨ᠎ᠠ᠃ | ︵ᠠᠷᠪᠠ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠡᠳᠦᠷ | ᠲᠤᠳᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ | ᠶᠠᠪᠤᠳᠠᠯ ᠤᠳ ᠢ ᠳᠠᠭᠠᠭᠠᠨ ᠭᠦᠢᠴᠡᠳᠭᠡᠨ᠎ᠡ᠃ | | ᠬᠤᠶᠠᠷ᠂ ᠳᠣᠲᠣᠭᠠᠳᠤ ᠪᠠᠶᠢᠭᠤᠯᠤᠮᠵᠢ | 1. ᠠᠯᠪᠠᠨ ᠭᠡᠷ᠄ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ᠂ | ᠨᠠᠮ ᠤᠨ ᠠᠵᠢᠯ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠪᠠᠶᠢᠭᠤᠯᠤᠮᠵᠢ ᠶᠢᠨ ᠣᠷᠣᠨ | ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠪᠣᠯᠪᠠᠰᠤᠷᠠᠯ᠂ ᠬᠥᠳᠡᠯᠮᠦᠷᠢ ᠴᠠᠯᠢᠩ ᠵᠡᠷᠭᠡ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | 2.ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠲᠠᠰᠤᠭ᠄ ᠠᠶᠤᠯᠭᠦᠢ | ᠦᠢᠯᠡᠳᠪᠦᠷᠢᠯᠡᠯ ᠤᠨ ᠭᠤᠤᠯᠴᠢᠯᠠᠨ ᠬᠠᠮᠢᠶᠠᠷᠬᠤ ᠲᠤᠰᠬᠠᠶ ᠰᠠᠯᠠᠭ᠎ᠠ ᠮᠥᠴᠢᠷ ᠲᠠᠢ ᠠᠵᠢᠯ ᠲᠥᠷᠥᠯ ᠪᠠ ᠬᠦᠷᠢᠶ᠎ᠡ | ᠴᠠᠷᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ | ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠢᠦᠶ ᠴᠢᠤᠸᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ | 3.ᠠᠶᠤᠯᠲᠠᠶ ᠬᠢᠮᠢ ᠶᠢᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠄ ᠪᠦᠬᠦ | ᠲᠤᠭᠤᠷᠢᠭ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ | ︶᠂ ᠡᠮ ᠡᠮᠨᠡᠯᠭᠡ᠂ ᠠᠶᠤᠯᠲᠠᠶ ᠬᠢᠮᠢ ᠶᠢᠨ ᠪᠣᠳᠠᠰ ᠪᠣᠯᠤᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ | ᠪᠦᠬᠦ ᠲᠤᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠥᠬᠦ ᠲᠤᠭᠤᠷᠢᠭ ᠤᠨ ᠠᠶᠤᠯᠲᠠᠶ ᠬᠢᠮᠢ ᠶᠢᠨ ᠪᠣᠳᠠᠰ ᠢ ᠳᠠᠩᠰᠠᠯᠠᠬᠤ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠵᠦᠢᠯ ᠤᠨ ᠪᠤᠰᠤ ᠲᠥᠷᠥᠯ ᠤᠨ ᠬᠤᠤᠷᠲᠤ ᠡᠳ᠋ | ᠦᠢᠯᠡᠳᠬᠦ ᠳᠤ ᠬᠢᠯᠪᠠᠷ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠵᠢᠯᠣᠭᠤᠳᠴᠤ᠂ ᠦᠢᠯᠡᠴᠢᠯᠡᠭᠡᠨ ᠤ ᠲᠢᠩᠬᠢᠮ ᠤᠨ ᠪᠥᠬᠦ ᠲᠤᠭᠤᠷᠢᠭ ᠤᠨ ᠠᠶᠤᠯᠲᠠᠶ ᠬᠢᠮᠢ ᠶᠢᠨ ᠪᠣᠳᠠᠰ ᠢ | ᠡᠵᠡᠩᠨᠡᠬᠦ ᠵᠥᠪᠰᠢᠶᠡᠷᠡᠯ᠂ ᠠᠶᠤᠯᠲᠠᠶ ᠬᠢᠮᠢ ᠶᠢᠨ ᠪᠣᠳᠠᠰ ᠢ ᠠᠮᠤᠷ ᠲᠦᠪᠰᠢᠨ ᠢᠶᠠᠷ ᠬᠡᠷᠡᠭᠯᠡᠬᠦ ᠵᠥᠪᠰᠢᠶᠡᠷᠡᠯ᠂ ᠬᠤᠸᠠᠷ | ᠫᠤᠤᠵᠢᠩ ᠡᠵᠡᠩᠨᠡᠬᠦ ︵ᠪᠥᠭᠡᠮ ᠢᠶᠠᠷ ᠬᠤᠳᠠᠯᠳᠤᠬᠤ︶ ᠵᠥᠪᠰᠢᠶᠡᠷᠡᠯ᠂ ᠠᠶᠤᠯᠲᠠᠶ ᠬᠢᠮᠢ ᠶᠢᠨ ᠪᠣᠳᠠᠰ ᠢ | ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠢ ᠣᠯᠭᠤᠬᠤ ᠬᠠᠮᠢᠶ᠎ᠠ | ᠪᠥᠬᠦᠶ ᠠᠵᠢᠯ ᠳᠤ ᠬᠠᠮᠵᠢᠯᠴᠠᠨ᠎ᠠ᠃ | 4. ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠭᠡ ᠠᠩᠭᠢ᠄ ᠢᠦᠶ | ᠴᠢᠤᠸᠠᠨ ᠲᠣᠭᠤᠷᠢᠭ ᠤᠨ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠲᠤᠬᠠᠶ ᠶᠢᠨ | ᠲᠠᠯᠠᠪᠤᠷ ᠤᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠴᠤ᠂ ᠢᠦᠶ ᠴᠢᠤᠸᠠᠨ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠬᠠᠮᠢᠶᠠᠷᠤᠯᠲᠠ ᠶᠢᠨ | ᠪᠠᠲᠤᠯᠠᠭ᠎ᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ᠪᠥᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠪᠣᠯᠪᠠᠰᠤᠷᠠᠭᠤᠯᠤᠯ ᠤᠨ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠡᠩᠨᠡᠭᠡ ᠶᠢᠨ ᠬᠥᠮᠦᠵᠢᠯ ᠪᠣᠯᠪᠠᠰᠤᠷᠠᠭᠤᠯᠤᠯ ᠢ ᠵᠢᠯᠤᠭᠤᠳᠤᠨ᠎ᠠ᠃ ᠪᠣᠯᠪᠠᠰᠤᠷᠠᠯ ᠤᠨ ᠲᠥᠯᠥᠪᠯᠡᠭᠡ ᠲᠣᠭᠲᠠᠭᠠᠵᠤ᠂ | ᠪᠥᠬᠦ ᠲᠠᠯ᠎ᠠ ᠶᠢᠨ ᠺᠠᠳ᠋ᠷ ᠢ ᠲᠥᠪᠯᠡᠷᠡᠭᠦᠯᠦᠨ ᠪᠣᠯᠪᠠᠰᠤᠷᠠᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠵᠤ᠂ ᠪᠥᠬᠦ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠬᠠᠤᠯᠢ ᠬᠡᠷᠡᠭᠵᠢᠭᠦᠯᠬᠦ | ᠡᠩᠨᠡᠭᠡ ᠶᠢᠨ ᠬᠠᠭᠠᠰ ᠴᠡᠷᠢᠭᠵᠢᠭᠰᠡᠨ ᠬᠠᠮᠢᠶᠠᠷᠤᠯᠲᠠ ᠶᠢ ᠪᠡᠶᠡᠯᠡᠭᠦᠯᠦᠨ᠎ᠡ᠃ | 5. ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ︵ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠢ︶᠄ ᠦᠢᠯᠡᠳᠪᠦᠷᠢᠯᠡᠯ ᠤᠨ | ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠠᠳᠡᠯ ᠢ | ᠪᠠᠶᠢᠴᠠᠭᠠᠨ ᠰᠢᠢᠳᠪᠦᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠰᠢᠭᠤᠳ | ᠬᠢᠨᠠᠨ ᠬᠠᠮᠢᠶᠠᠷᠬᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ | ᠡᠭᠦᠷᠭᠡᠯᠡᠵᠦ᠂ ᠬᠠᠮᠢᠶ᠎ᠠ ᠪᠥᠬᠦᠶ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠬᠠᠤᠯᠢ ᠬᠡᠷᠡᠭᠵᠢᠭᠦᠯᠬᠦ | ᠡᠩᠨᠡᠭᠡ ᠶᠢᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ᠎ᠠ︔ ᠨᠡᠭᠦᠷᠡᠰᠦᠨ ᠤ ᠪᠤᠰᠤ ᠠᠭᠤᠷᠬᠠᠶ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ | ᠪᠠᠭᠲᠠᠨ᠎ᠠ︶᠂ ᠴᠢᠯᠠᠭᠤᠨ ᠲᠤᠰᠤ ︵ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠤᠭᠰᠠᠨ | ᠴᠢᠯᠠᠭᠤᠨ ᠲᠤᠰᠤ ᠳᠠᠮᠵᠢᠭᠤᠯᠬᠤ ᠬᠤᠭᠤᠯᠠᠶ ᠠᠴᠠ ᠭᠠᠳᠠᠨ᠎ᠠ︶᠂ ᠲᠡᠮᠦᠷᠯᠢᠭ᠂ ᠥᠩᠭᠡᠲᠦ ᠲᠡᠮᠦᠷᠯᠢᠭ᠂ | ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠡᠭᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ | ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ ᠡᠭᠦᠨ ᠳᠤ | ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠣᠯᠤᠭᠰᠠᠨ ᠬᠤᠯᠪᠣᠭᠳᠠᠯ ᠪᠦᠬᠦᠢ ᠪᠠᠶᠢᠳᠠᠯ︔ | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠭᠦᠶ ᠦᠢᠯᠡᠳᠪᠦᠷᠢᠯᠡᠯ ᠤᠨ ᠲᠦᠷᠢᠮ ᠲᠣᠭᠲᠠᠭᠠᠯ ᠪᠠ ᠠᠵᠢᠯᠯᠠᠬᠤ | ᠳᠦᠷᠢᠮᠵᠢᠯ᠂ ᠠᠵᠢᠯᠯᠠᠬᠤ ᠳᠦᠷᠢᠮᠵᠢᠯ ᠢ ᠲᠣᠭᠲᠠᠭᠠᠵᠤ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠬᠢᠨᠠᠨ | ᠪᠠᠶᠢᠴᠠᠭᠠᠨ᠎ᠠ︔ ᠠᠵᠤ ᠠᠬᠤᠶᠢᠯᠠᠯ ᠤᠨ ᠤᠯᠤᠰ ᠤᠨ ᠲᠣᠭᠲᠠᠭᠠᠯ ᠶᠣᠰᠣᠭᠠᠷ ᠠᠶᠤᠯᠭᠦᠶ ᠦᠢᠯᠡᠳᠪᠦᠷᠢᠯᠡᠯ ᠤᠨ | ᠵᠠᠷᠤᠳᠠᠯ᠂ ᠠᠶᠤᠯᠭᠦᠶ ᠦᠢᠯᠡᠳᠪᠦᠷᠢᠯᠡᠯ ᠤᠨ ᠲᠦᠭᠰᠢᠭᠦᠷᠢ ᠶᠢᠨ ᠪᠠᠷᠢᠴᠠᠭᠠᠨ ᠤ ᠮᠥᠩᠭᠦ ᠭᠠᠷᠭᠠᠵᠤ ᠠᠪᠤᠭᠰᠠᠨ ᠪᠠ | ᠬᠡᠷᠡᠭᠯᠡᠭᠰᠡᠨ ᠵᠢᠴᠢ ᠠᠶᠤᠯᠭᠦᠶ ᠦᠢᠯᠡᠳᠪᠦᠷᠢᠯᠡᠯ ᠤᠨ ᠪᠤᠰᠤᠳ ᠣᠷᠣᠭᠤᠯᠤᠯᠲᠠ ᠶᠢᠨ ᠪᠠᠶᠢᠳᠠᠯ ᠢ ᠬᠠᠤᠯᠢ ᠶᠣᠰᠣᠭᠠᠷ | ᠬᠢᠨᠠᠨ ᠪᠠᠶᠢᠴᠠᠭᠠᠨ᠎ᠠ︔ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ | ᠪᠠᠶᠢᠭᠤᠯᠤᠭᠰᠠᠨ ᠪᠠ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ ᠲᠣᠬᠢᠷᠠᠭᠤᠯᠤᠭᠰᠠᠨ ᠪᠠᠶᠢᠳᠠᠯ ᠢ | ᠬᠠᠤᠯᠢ ᠶᠣᠰᠣᠭᠠᠷ ᠬᠢᠨᠠᠨ ᠪᠠᠶᠢᠴᠠᠭᠠᠨ᠎ᠠ︔ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ | ᠦᠢᠯᠡᠳᠪᠦᠷᠢᠯᠡᠯ ᠤᠨ ᠲᠤᠬᠠᠶ ᠬᠥᠮᠦᠵᠢᠯ᠂ ᠪᠣᠯᠪᠠᠰᠤᠷᠠᠯ ᠢ ᠬᠦᠷᠳᠡᠭᠰᠡᠨ᠂ ᠬᠤᠯᠪᠣᠭᠳᠠᠯ ᠪᠦᠬᠦᠢ ᠠᠶᠤᠯᠭᠦᠶ ᠶᠢᠨ ᠬᠢᠷᠢ | ᠬᠡᠮ ᠤᠨ ᠦᠨᠡᠮᠯᠡᠯ ᠣᠯᠤᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ ᠠᠵᠤ ᠠᠬᠤᠶᠢᠯᠠᠯ ᠤᠨ | ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠪᠠᠷᠢᠯᠭ᠎ᠠ ᠶᠢᠨ | ᠲᠦᠷᠦᠯ ᠵᠦᠢᠯ ᠤᠨ ᠠᠶᠤᠯᠭᠦᠶ ᠶᠢᠨ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ | ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠦᠢᠯᠡᠳᠪᠦᠷᠢᠯᠡᠬᠦ ᠪᠠ ᠬᠡᠷᠡᠭᠯᠡᠯᠲᠡ ᠳᠤ ᠣᠷᠣᠭᠤᠯᠤᠭᠰᠠᠨ | ᠵᠢᠴᠢ ᠲᠣᠭᠲᠠᠭᠠᠯ ᠶᠣᠰᠣᠭᠠᠷ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠪᠠᠶᠢᠴᠠᠭᠠᠨ ᠲᠤᠲᠤᠯᠠᠬᠤ ᠪᠠ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠠᠵᠢᠯ ᠢ ᠭᠦᠢᠴᠡᠳᠬᠡᠭᠰᠡᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ︔ | ᠠᠵᠤ ᠠᠬᠤᠶᠢᠯᠠᠯ ᠤᠨ ᠠᠶᠤᠯᠲᠠᠶ ᠬᠦᠴᠦᠨ ᠵᠦᠢᠯ ᠨᠡᠯᠢᠶᠡᠳ ᠶᠡᠭᠡ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ | ᠲᠠᠯᠠᠪᠤᠷ ᠭᠠᠵᠠᠷ ᠪᠠ ᠬᠤᠯᠪᠣᠭᠳᠠᠯ ᠪᠦᠬᠦᠢ ᠲᠥᠬᠦᠭᠡᠷᠦᠮᠵᠢ᠂ ᠲᠤᠨᠤᠭ ᠲᠥᠬᠦᠭᠡᠷᠦᠮᠵᠢ ᠳᠡᠭᠡᠷ᠎ᠡ ᠠᠶᠤᠯᠭᠦᠶ ᠶᠢᠨ | ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠭᠰᠠᠨ ᠪᠠᠶᠢᠳᠠᠯ ᠵᠡᠷᠭᠡ ᠶᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ | | ᠠᠵᠢᠯᠯᠠᠬᠤ ᠬᠠᠶ᠋ᠢᠭ᠄ ᠪᠢᠨ ᠾᠧ ᠡᠮᠦᠨ᠎ᠡ ᠵᠠᠮ ᠪᠠ ᠰᠢᠯᠢ ᠶᠢᠨ ᠭᠤᠤᠯ ᠵᠠᠮ ᠤᠨ ᠠᠭᠤᠯᠵᠠᠷ ᠭᠠᠵᠠᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 5971770 | ᠬᠠᠷᠢᠭᠤᠴᠠᠯᠭ᠎ᠠ ᠡᠭᠦᠷᠭᠡᠯᠡᠭᠴᠢ᠄ ᠯᠢ ᠭᠤᠸᠠᠨ ᠵᠢᠶᠦ᠋ᠨ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | | |