ᠢᠦᠢ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠭᠡ ᠲᠦᠷᠭᠡᠨ ᠭᠤᠣᠯ ᠤᠨ ᠵᠠᠮ ᠤᠨ ᠠᠮᠢ ᠠᠬᠤᠢ ᠶᠢ ᠰᠡᠷᠭᠦᠭᠡᠨ ᠬᠠᠮᠠᠭᠠᠯᠠᠬᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠵᠢᠴᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/19
     7 ᠳ᠋ᠤᠭᠠᠷ ᠰᠠᠷ᠎ᠠ ᠶᠢᠨ 18 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠶᠡᠭᠡ ᠲᠦᠷᠭᠡᠨ ᠭᠤᠣᠯ ᠤᠨ ᠵᠠᠮ ᠤᠨ ᠠᠮᠢ ᠠᠬᠤᠢ ᠶᠢ ᠰᠡᠷᠭᠦᠭᠡᠨ ᠬᠠᠮᠠᠭᠠᠯᠠᠬᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠵᠢᠴᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
     ᠲᠥᠯᠥᠭᠡᠯᠡᠭᠴᠢᠳ ᠤᠷᠢᠳ ᠬᠤᠵᠢᠳ ᠬᠠᠳᠤᠨ ᠭᠤᠣᠯ ᠤᠨ ᠰᠠᠪᠠ ᠭᠠᠵᠠᠷ ᠤᠨ ᠶᠡᠭᠡ ᠲᠦᠷᠭᠡᠨ ᠭᠤᠣᠯ ᠤᠨ ᠬᠥᠬᠡᠬᠤᠲᠠ ᠶᠢᠨ ᠱᠸᠦ ᠴᠤᠸᠠᠩ ᠴᠦᠨ ᠬᠤᠸᠠ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠰᠡᠭᠦᠯᠴᠢ ᠶᠢᠨ ᠤᠰᠤᠨ ᠤ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ᠂ ᠴᠢᠶᠠᠨ ᠳ᠋ᠣᠣ ᠬᠤ᠋ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ᠂ ᠤᠯᠠᠭ᠎ᠠ ᠴᠡᠴᠡᠷᠯᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ᠂ ᠢᠦᠢ ᠰᠢᠶᠠᠨ ᠬᠠᠷᠮᠠᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠪᠥᠬᠦ ᠬᠤᠲᠠ ᠪᠠᠷ ᠢᠶᠠᠨ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ᠶᠡᠭᠡ ᠲᠦᠷᠭᠡᠨ ᠭᠤᠤᠯ ᠤᠨ ᠵᠠᠮ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠡᠭᠦᠯᠴᠢ ᠶᠢᠨ ᠤᠰᠤᠨ ᠤ ᠨᠤᠭᠤ ᠭᠠᠵᠠᠷ ᠢ ᠴᠡᠪᠡᠷᠰᠢᠭᠦᠯᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠦᠷᠭᠦᠯᠵᠢᠯᠡᠨ ᠳᠠᠭᠠᠵᠤ᠂ ᠶᠡᠭᠡ ᠲᠦᠷᠭᠡᠨ ᠭᠤᠤᠯ ᠤᠨ ᠵᠠᠮ ᠤᠨ ᠠᠮᠢ ᠠᠬᠤᠶ ᠶᠢᠨ ᠰᠢᠰᠲ᠋ᠧᠮ ᠢ ᠰᠡᠷᠭᠦᠭᠡᠨ ᠰᠠᠶᠢᠲᠤᠷ ᠬᠠᠮᠠᠭᠠᠯᠠᠵᠤ᠂ ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠪᠥᠬᠦ ᠲᠤᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠬᠤᠲᠠ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠡᠷᠬᠢᠨ ᠲᠣᠭᠤᠷᠢᠨ ᠤ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠲᠠᠢ ᠤᠶᠠᠯᠳᠤᠭᠤᠯᠤᠨ᠂ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠥᠩᠭᠡ ᠪᠤᠳᠤᠭ ᠨᠡᠮᠡᠷᠢᠯᠡᠵᠦ᠂ ︽ᠬᠠᠷᠮᠠᠨ ᠴᠡᠴᠡᠷᠯᠢᠭ︾ ᠢ ᠪᠥᠲᠥᠭᠡᠨ ᠪᠠᠶᠢᠭᠤᠯᠬᠤ ᠳᠤ ᠨᠢᠭᠡ ᠯᠡ ᠠᠳᠠᠯᠢ ᠪᠠᠶᠢᠯᠭᠠᠵᠤ ᠪᠣᠯᠬᠤ ᠥᠬᠡᠶ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠴᠠᠭ ᠲᠤ ᠨᠢ ᠳᠣᠭᠢᠷᠠᠭᠤᠯᠤᠨ᠂ ︽ᠬᠠᠷᠮᠠᠨ ᠴᠡᠴᠡᠷᠯᠢᠭ︾ ᠢ ᠦᠨᠡᠨ ᠬᠦ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠶ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号