ᠨᠢᠭᠡ᠂ ᠳᠣᠲᠣᠭᠠᠳᠤ ᠳᠠᠭᠠᠨ ᠪᠠᠶᠢᠭᠤᠯᠤᠭᠰᠠᠨ ᠲᠠᠰᠤᠭ ᠤᠨ ᠭᠡᠷ | ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ | ᠠᠵᠢᠯᠯᠠᠭᠠᠨ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠮᠡᠳᠡᠭᠡ ᠵᠠᠩᠭᠢ᠂ ᠠᠮᠤᠷ ᠲᠦᠪᠰᠢᠨ᠂ | ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠭ᠎ᠠ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠵᠠᠰᠠᠭ ᠤᠨ ᠶᠠᠪᠤᠳᠠᠯ ᠤᠨ ᠪᠠ ᠠᠵᠢᠯ ᠶᠠᠪᠤᠳᠠᠯ ᠤᠨ ᠠᠵᠢᠯ ᠢ | ᠡᠭᠦᠷᠭᠡᠯᠡᠨ᠎ᠡ᠃ ᠶᠡᠷᠦᠩᠬᠡᠶᠢᠯᠡᠨ ᠵᠠᠰᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ | ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ | ︵ᠬᠤᠶᠠᠷ︶ ᠬᠠᠤᠯᠢ ᠲᠣᠭᠲᠠᠭᠠᠯ ᠤᠨ ᠲᠠᠰᠤᠭ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ | ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠪᠠ ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠡᠭᠦᠷᠭᠡᠯᠡᠬᠦ ᠪᠤᠶᠤ | ᠲᠡᠭᠦᠨ ᠳᠤ ᠣᠷᠣᠯᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠬᠤᠶᠠᠷ ᠬᠠᠤᠯᠢ ᠶᠢ ᠵᠣᠯᠭᠠᠭᠤᠯᠬᠤ︾ ᠠᠵᠢᠯ ᠢ ᠡᠭᠦᠷᠭᠡᠯᠡᠨ᠎ᠡ᠃ | ︵ᠭᠤᠷᠪᠠ︶ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠲᠠᠰᠤᠭ᠃ ᠺᠠᠳ᠋ᠷ ᠠᠵᠢᠯᠳᠠᠨ ᠤ ᠶᠠᠪᠤᠳᠠᠯ᠂ | ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠯ | ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠨᠢᠭᠡᠴᠡ ᠶᠢᠨ ᠢᠶᠠᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ᠎ᠠ᠃ | ︵ᠲᠦᠷᠪᠡ︶ ᠡᠳ᠋ ᠤᠨ ᠶᠠᠪᠤᠳᠠᠯ ᠤᠨ ᠲᠠᠰᠤᠭ᠃ ᠲᠣᠰ ᠨᠢᠭᠡᠴᠡ ᠶᠢᠨ ᠢᠶᠠᠨ ᠲᠥᠰᠦᠪ ᠪᠠ ᠲᠥᠰᠦᠪ ᠤᠨ | ᠭᠦᠢᠴᠡᠳᠭᠡᠯ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ᠂ ᠲᠣᠭᠲᠠᠮᠠᠯ ᠬᠥᠷᠥᠩᠭᠡ᠂ | ᠦᠨᠳᠦᠰᠦᠨ ᠪᠥᠲᠥᠭᠡᠨ ᠪᠠᠶᠢᠭᠤᠯᠤᠯᠲᠠ ᠪᠠ ᠡᠯ᠎ᠡ ᠲᠥᠷᠥᠯ ᠤᠨ ᠪᠠᠯᠠ ᠮᠥᠩᠭᠦ᠂ ᠲᠤᠰᠬᠠᠶ ᠬᠡᠷᠡᠭᠯᠡᠭᠡᠨ ᠤ ᠰᠠᠭᠤᠷᠢ | ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ | ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠤᠰ ᠨᠢᠭᠡᠴᠡ ᠶᠢᠨ ᠢᠶᠠᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ | ᠬᠠᠷᠢᠭᠤᠴᠠᠨ᠎ᠠ᠃ ᠲᠣᠰ ᠨᠢᠭᠡᠴᠡ ᠶᠢᠨ ᠢᠶᠠᠨ ᠲᠣᠨᠤᠭ ᠲᠥᠬᠦᠭᠡᠷᠦᠮᠵᠢ ᠳᠣᠭᠢᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠲᠠᠪᠤ︶ ᠶᠡᠷᠦᠩᠬᠡᠶ ᠲᠥᠯᠥᠪᠵᠢᠭᠦᠯᠭᠡ ᠪᠠ ᠰᠣᠨᠢᠨ ᠮᠡᠳᠡᠭᠡᠯᠡᠯ ᠤᠬᠠᠭᠤᠯᠭ᠎ᠠ ᠶᠢᠨ ᠲᠠᠰᠤᠭ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ | ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ | ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ᠎ᠠ᠃ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ | ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ | ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ᠂ | ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠤᠯᠳᠠᠯᠭ᠎ᠠ ᠲᠠᠢ ᠡᠭᠦᠷᠭᠡ ᠶᠢ | ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠲᠤᠭᠤᠷᠪᠢᠨ ᠲᠣᠭᠲᠠᠭᠠᠵᠤ᠂ | ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ | ᠪᠠ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠴᠢᠬᠤᠯᠠ ᠶᠡᠭᠡ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠪᠦᠷᠢᠳᠬᠡᠭᠦᠯᠵᠦ ᠳᠠᠩᠰᠠᠯᠠᠭᠤᠯᠤᠭᠰᠠᠨ ᠲᠠᠰᠤᠭ᠃ ᠪᠥᠬᠦ ᠲᠤᠭᠤᠷᠢᠭ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠪᠦᠷᠢᠳᠬᠡᠨ | ᠳᠠᠩᠰᠠᠯᠠᠬᠤ ᠪᠥᠬᠦ ᠶᠠᠪᠤᠴᠠ ᠶᠢ ᠡᠯᠤᠺᠲᠷᠤᠨᠴᠢᠯᠠᠬᠤ ᠠᠵᠢᠯ ᠢ ᠬᠠᠷᠢᠭᠤᠴᠠᠨ᠎ᠠ᠃ ᠪᠦᠷᠢᠳᠬᠡᠨ ᠳᠠᠩᠰᠠᠯᠠᠭᠤᠯᠤᠭᠰᠠᠨ | ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠳᠡᠩᠰᠡᠯᠡᠯᠲᠡ ᠶᠢᠨ ᠲᠠᠯ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠬᠦ᠂ ᠰᠠᠯᠭᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠢᠳᠡᠭᠡᠨ ᠡᠵᠡᠩᠨᠡᠬᠦ | ᠵᠥᠪᠰᠢᠶᠡᠷᠡᠯ ᠤᠨ ᠦᠨᠡᠮᠯᠡᠯ ᠢ ᠬᠦᠯᠢᠶᠡᠨ ᠠᠪᠴᠤ ᠰᠢᠢᠳᠪᠦᠷᠢᠯᠡᠬᠦ ᠪᠠ ᠣᠯᠭᠤᠬᠤ ᠶᠢ ᠬᠠᠷᠢᠭᠤᠴᠠᠨ᠎ᠠ᠃ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠲᠠᠩᠰᠠᠯᠠᠯᠳᠠ ᠶᠢᠨ ᠦᠨᠡᠮᠯᠡᠯ ᠢ ᠬᠠᠷᠢᠭᠤᠴᠠᠨ ᠭᠦᠢᠴᠡᠳᠬᠡᠨ᠎ᠡ᠃ | ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠤᠨ ᠮᠠᠲ᠋ᠧᠷᠢᠶᠠᠯ ᠢ ᠬᠢᠨᠠᠨ | ᠬᠠᠷᠭᠤᠭᠤᠯᠬᠤ ᠶᠢ ᠬᠠᠷᠢᠭᠤᠴᠠᠨ᠎ᠠ᠃ ᠳᠡᠭᠡᠳᠦ ᠱᠠᠲᠤᠨ ᠤ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ | ᠵᠦᠢᠯᠡᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠬᠤᠪᠢ ᠶᠢᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢ ᠲᠡᠳᠬᠦᠨ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ | ᠵᠢᠭᠰᠠᠭᠠᠯᠲᠠ ᠶᠢ ᠲᠡᠭᠦᠯᠳᠡᠷᠵᠢᠭᠦᠯᠬᠦ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠠᠵᠤ ᠠᠬᠤᠶᠢᠯᠠᠯ ᠤᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠲᠦᠷᠢᠮ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠲᠣᠭᠲᠠᠭᠠᠯ ᠢ | ᠨᠠᠶᠢᠳᠠᠪᠤᠷᠢᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ᠂ ᠲᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ | ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ | ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠯᠲᠡ ᠬᠢᠭᠡᠳ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ ︽ | ᠨᠡᠷ᠎ᠡ ᠶᠢᠨ ᠬᠠᠷ᠎ᠠ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ | ᠡᠳ᠋ᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ | ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠵᠣᠬᠢᠶᠠᠨ | ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠡᠮᠯᠡᠯ ᠥᠬᠡᠶ ᠪᠠᠷ ᠡᠵᠡᠩᠨᠡᠬᠦ ᠶᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠲᠤᠭᠤᠷᠢᠭ ᠤᠨ ᠦᠢᠯᠡᠳᠬᠦᠨ ᠤ ᠶᠠᠰᠤ | ᠴᠢᠨᠠᠷ ᠤᠨ ᠦᠨᠡᠨᠴᠢ ᠢᠲᠡᠭᠡᠮᠵᠢ ᠶᠢᠨ ᠲᠦᠷᠢᠮ ᠢ ᠲᠤᠭᠤᠰᠢᠯᠠᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠬᠡᠷᠡᠭᠯᠡᠭᠡᠨ ᠤ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠢᠨ ᠵᠢᠯᠣᠭᠤᠳᠬᠤ ᠲᠠᠰᠤᠭ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠦᠷᠢᠮ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠬᠤᠯᠪᠣᠭᠳᠠᠯ | ᠪᠥᠬᠦᠶ ᠦᠢᠯᠡᠴᠢᠯᠡᠭᠡᠨ ᠤ ᠬᠦᠷᠢᠶᠡᠨ ᠳᠠᠬᠢ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠡᠷᠡᠭᠯᠡᠭᠴᠢᠳ ᠤᠨ ᠠᠰᠠᠭᠤᠨ | ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠪᠠ ᠰᠦᠯᠵᠢᠶᠡᠨ ᠤ | ᠰᠢᠰᠲ᠋ᠧᠮ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠡᠷᠡᠭᠯᠡᠭᠡᠨ ᠤ ᠣᠷᠴᠢᠨ ᠨᠥᠬᠦᠴᠡᠯ ᠤᠨ ᠪᠠᠶᠢᠭᠤᠯᠤᠯᠲᠠ | ᠪᠠ ᠬᠡᠷᠡᠭᠯᠡᠭᠡᠨ ᠤ ᠣᠷᠴᠢᠨ ᠨᠥᠬᠦᠴᠡᠯ ᠤᠨ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠬᠡᠷᠡᠭᠯᠡᠭᠴᠢᠳ ᠤᠨ ᠡᠷᠬᠡ ᠠᠰᠢᠭ ᠢ ᠵᠠᠰᠠᠭ ᠵᠠᠬᠢᠷᠭᠠᠨ ᠢᠶᠠᠷ ᠬᠠᠮᠠᠭᠠᠯᠠᠬᠤ ᠠᠵᠢᠯ ᠢ | ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠬᠡᠷᠡᠭᠯᠡᠭᠴᠢᠳ ᠤ ᠨᠡᠶᠢᠭᠡᠮᠯᠢᠭ ᠤᠨ ᠠᠵᠢᠯ ᠢ | ᠵᠢᠯᠣᠭᠤᠳᠤᠨ᠎ᠠ᠃ | ︵ᠶᠢᠰᠦ︶ ᠦᠨ᠎ᠡ ᠬᠠᠩᠰᠢ ᠶᠢ ᠬᠢᠨᠠᠵᠤ ᠪᠠᠶᠢᠴᠠᠭᠠᠬᠤ ᠲᠠᠰᠤᠭ᠃ ᠦᠨ᠎ᠡ ᠬᠠᠩᠰᠢ ᠶᠢᠨ ᠰᠦᠢᠳᠬᠡᠯ | ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠦᠷᠦ ᠶᠢᠨ | ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | ︵ᠠᠷᠪᠠ︶ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠲᠠᠰᠤᠭ ︵ᠬᠥᠬᠡᠬᠤᠲᠠ ᠶᠢᠨ ᠢᠦᠶ ᠴᠢᠤᠸᠠᠨ | ᠲᠣᠭᠤᠷᠢᠭ ᠤᠨ ᠰᠢᠭᠤᠳ ᠪᠣᠷᠣᠯᠠᠭᠤᠯᠬᠤ ᠶᠢ ᠵᠢᠷᠤᠮᠵᠢᠭᠤᠯᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ | ᠥᠭᠬᠦ ᠠᠯᠪᠠᠨ ᠬᠡᠷ︶᠃ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠤᠯᠪᠣᠭᠳᠠᠯ ᠪᠦᠬᠦᠢ ᠳᠦᠷᠢᠮ ᠪᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠨᠠᠶᠢᠳᠠᠯᠭ᠎ᠠ ᠪᠠᠷ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠵᠡᠩᠨᠡᠭᠴᠢ ᠳᠤ ᠮᠣᠨᠣᠫᠣᠯᠢᠴᠢᠯᠠᠯ ᠢ | ᠡᠰᠡᠷᠭᠦᠴᠡᠬᠦ ᠪᠠᠶᠢᠴᠠᠭᠠᠯᠲᠠ ᠵᠢᠴᠢ ᠪᠤᠰᠤᠳ ᠬᠤᠯᠪᠣᠭᠳᠠᠯ ᠪᠦᠬᠦᠢ ᠠᠵᠢᠯ ᠢ ᠲᠥᠪᠯᠡᠷᠡᠭᠦᠯᠦᠨ ᠬᠢᠬᠦ ᠳᠤ ᠬᠠᠮᠵᠢᠯᠴᠠᠨ᠎ᠠ᠃ | ᠵᠦᠢ ᠪᠤᠰᠤ ᠥᠷᠢᠰᠥᠯᠳᠦᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ | ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ | ᠥᠭᠬᠦ ᠠᠵᠢᠯ ᠢ ᠡᠭᠦᠷᠭᠡᠯᠡᠨ᠎ᠡ᠃ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ︶ ᠰᠦᠯᠵᠢᠶᠡᠨ ᠤ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ | ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠰᠦᠯᠵᠢᠶᠡᠨ ᠤ ᠠᠷᠠᠯᠵᠢᠶ᠎ᠠ ᠶᠢᠨ | ᠲᠠᠪᠴᠠᠩ ᠪᠠ ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ᠂ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠵᠢᠷᠤᠮᠵᠢᠭᠤᠯᠤᠨ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ᠎ᠡ᠂ ᠦᠨ᠎ᠡ | ᠬᠠᠶᠠᠵᠤ ᠬᠤᠳᠠᠯᠳᠤᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠥᠳᠡᠯᠬᠦ ᠬᠦᠷᠦᠩᠭᠡ ᠶᠢᠨ ᠪᠠᠷᠢᠴᠠᠭᠠᠨ ᠤ ᠡᠳ᠋ ᠤᠨ ᠲᠠᠩᠰᠠᠯᠠᠯᠳᠠ ᠶᠢ ᠬᠠᠮᠢᠶᠠᠷᠤᠨ᠎ᠠ᠃ | ︵ᠠᠷᠪᠠᠨ ᠬᠤᠶᠠᠷ︶ ᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠲᠠᠰᠤᠭ᠃ ᠵᠠᠷ ᠮᠡᠳᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠯᠡᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠵᠠᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠦᠷᠢᠮ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ | ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠬᠡᠮᠵᠢᠨ᠎ᠡ᠃ ᠵᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠤᠨ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠠᠷ ᠤᠨ ᠦᠢᠯᠡᠰ ᠪᠠ ᠨᠡᠶᠢᠲᠡ ᠶᠢᠨ | ᠠᠰᠠᠷᠠᠮᠵᠢ ᠶᠢᠨ ᠵᠠᠷ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠠᠷᠪᠠᠨ ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠲᠠᠰᠤᠭ᠃ ᠪᠦᠬᠦ | ᠲᠤᠭᠤᠷᠢᠭ ᠤᠨ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠢᠶᠠᠷ ᠲᠤᠭᠤᠷᠢᠭ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠳᠥᠯᠭᠢᠨ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ | ᠲᠤᠭᠤᠷᠢᠭ ᠤᠨ ᠦᠢᠯᠡᠳᠬᠦᠨ ᠤ ᠶᠠᠰᠤ ᠴᠢᠨᠠᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠨ᠎ᠠ᠃ ᠶᠠᠰᠤ ᠴᠢᠨᠠᠷ ᠢᠶᠠᠷ ᠤᠷᠮᠠᠰᠢᠭᠤᠯᠬᠤ ᠲᠦᠷᠢᠮ ᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠰᠤ ᠴᠢᠨᠠᠷ ᠤᠨ | ᠪᠠᠶᠢᠳᠠᠯ ᠢ ᠪᠦᠷᠢᠳᠬᠡᠨ ᠵᠠᠳᠠᠯᠬᠤ᠂ ᠦᠨᠡᠯᠡᠨ ᠰᠤᠳᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠯᠭ᠎ᠠ ᠪᠠᠷ ᠮᠡᠳᠡᠭᠦᠯᠬᠦ ᠲᠦᠷᠢᠮ᠂ ᠵᠡᠷᠡᠮᠳᠡᠭ | ᠦᠢᠯᠡᠳᠬᠦᠨ ᠢ ᠡᠭᠡᠭᠦᠯᠦᠨ ᠠᠪᠴᠢᠷᠠᠬᠤ ᠲᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ | ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠲᠤᠭᠤᠷᠢᠭ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ | ᠦᠢᠯᠡᠳᠬᠦᠨ ᠤ ᠭᠠᠷᠴᠠᠭ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠦᠢᠯᠡᠳᠬᠦᠨ ᠤ ᠶᠠᠰᠤ | ᠴᠢᠨᠠᠷ ᠤᠨ ᠠᠵᠢᠯ ᠲᠥᠷᠥᠯ ᠤᠨ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠪᠠ ᠲᠥᠷᠥᠯ ᠬᠤᠪᠢᠶᠠᠨ ᠬᠢᠨᠠᠨ | ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ | ᠵᠥᠪᠰᠢᠶᠡᠷᠡᠯ ᠤᠨ ᠬᠠᠮᠢᠶᠠᠷᠤᠯᠲᠠ ᠪᠣᠯᠤᠨ ᠢᠳᠡᠭᠡᠨ ᠯᠦᠭᠡ ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠶᠤᠯ | ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠬᠥᠪᠥᠩ ᠵᠡᠷᠭᠡ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ | ︵ᠠᠷᠪᠠᠨ ᠲᠥᠷᠪᠡ︶ ᠶᠡᠷᠦᠩᠬᠡᠶᠢᠯᠡᠨ ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠪᠠ ᠢᠳᠡᠭᠡᠨ ᠤ ᠠᠶᠤᠯ | ᠥᠭᠡᠢ ᠶᠢᠨ ᠵᠣᠬᠢᠴᠠᠭᠤᠯᠬᠤ ᠲᠠᠰᠤᠭ᠃ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠲᠠᠸᠠᠷ᠂ ᠠᠵᠤ ᠦᠢᠯᠡᠳᠪᠦᠷᠢ ᠶᠢᠨ | ᠦᠢᠯᠡᠳᠬᠦᠨ᠂ ᠢᠳᠡᠭᠡᠨ᠂ ᠡᠮ ᠤᠨ ᠵᠦᠢᠯ᠂ ᠭᠤᠶᠣᠯᠠᠯ ᠤᠨ ᠡᠳ᠋᠂ ᠡᠮᠴᠢᠯᠡᠭᠡᠨ ᠤ ᠮᠠᠰᠢᠨ ᠤ ᠠᠮᠤᠷ ᠲᠦᠪᠰᠢᠨ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠭᠦ ᠥᠬᠡᠶ ᠦᠢᠯᠡᠳᠬᠦᠨ᠂ ᠢᠳᠡᠭᠡᠨ᠂ ᠡᠮ ᠤᠨ ᠵᠦᠢᠯ᠂ | ᠭᠤᠶᠣᠯᠠᠯ ᠤᠨ ᠡᠳ᠋᠂ ᠡᠮᠴᠢᠯᠡᠭᠡᠨ ᠤ ᠮᠠᠰᠢᠨ ᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ | ᠠᠪᠴᠢᠷᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠮᠤᠷ ᠲᠦᠪᠰᠢᠨ ᠤ ᠦᠨᠡᠯᠡᠯᠲᠡ ᠶᠢᠨ | ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ | ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ | ᠢᠳᠡᠭᠡᠨ ᠤ ᠠᠶᠤᠯ ᠥᠭᠡᠢ ᠶᠢᠨ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠲᠤᠭᠤᠷᠪᠢᠨ ᠲᠤᠭᠲᠠᠭᠠᠨ᠎ᠠ᠃ ᠢᠳᠡᠭᠡᠨ ᠤ ᠠᠮᠤᠷ ᠲᠦᠪᠰᠢᠨ ᠤ ᠭᠠᠵᠠᠷ | ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ | ᠠᠵᠢᠯ ᠢ ᠡᠭᠦᠷᠭᠡᠯᠡᠨ᠎ᠡ᠃ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ | ᠪᠣᠳᠠᠲᠠᠶ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠢᠳᠡᠭᠡᠨ ᠤ ᠦᠢᠯᠡᠳᠪᠦᠷᠢᠯᠡᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠦᠢᠯᠡᠳᠪᠦᠷᠢᠯᠡᠯ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ | ᠢᠳᠡᠭᠡᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠢᠳᠡᠭᠡᠨ ᠤ ᠦᠢᠯᠡᠳᠪᠦᠷᠢᠯᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠵᠢᠵᠢᠭ | ᠦᠢᠯᠡᠳᠭᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ | ᠬᠢᠨᠠᠯᠲᠠ ᠲᠠᠯᠪᠢᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠮᠥᠷᠳᠡᠵᠦ ᠪᠣᠯᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠢᠳᠡᠭᠡᠨ ᠤ ᠭᠦᠢᠯᠭᠡᠭᠡᠨ ᠤ ︵ᠣᠨᠴᠠᠭᠠᠶ ᠢᠳᠡᠭᠡᠨ ᠢ ᠪᠠᠭᠲᠠᠭᠠᠨ᠎ᠠ︶ ᠤ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠢᠳᠡᠭᠡᠨ | ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠭᠦᠢᠯᠭᠡᠭᠡᠨ ᠤ | ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠡᠵᠡᠩᠨᠡᠭᠴᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠷᠡᠭᠦᠯᠵᠢᠯ ᠤᠨ ᠢᠳᠡᠭᠡᠨ᠂ ᠠᠨᠠᠭᠠᠬᠤ | ᠤᠬᠠᠭᠠᠨ ᠤ ᠣᠨᠴᠣᠭᠤᠶ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠣᠯᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ | ᠰᠦᠨ ᠲᠠᠯᠬ᠎ᠠ ᠵᠡᠷᠭᠡ ᠣᠨᠴᠣᠭᠤᠶ ᠢᠳᠡᠭᠡᠨ ᠤ ᠬᠦᠷᠢᠶᠡᠨ ᠤ ᠠᠶᠤᠯ ᠥᠭᠡᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ | ᠣᠨᠴᠣᠭᠤᠶ ᠢᠳᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠠᠷᠪᠠᠨ ᠳᠣᠯᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ | ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠯᠭᠠᠨ ᠠᠪᠬᠤ ᠶᠢ | ᠬᠠᠷᠢᠭᠤᠴᠠᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠤ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠬᠤ ᠬᠡᠷᠡᠭᠲᠡᠶ᠃ | ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ | ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠪᠦᠬᠦ ᠲᠤᠭᠤᠷᠢᠭ ᠤᠨ ᠴᠢᠬᠤᠯᠠ ᠶᠡᠭᠡ ᠠᠵᠢᠯᠯᠠᠭ᠎ᠠ ᠶᠢᠨ | ᠢᠳᠡᠭᠡᠨ ᠤ ᠠᠶᠤᠯ ᠦᠭᠡᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ︵ᠠᠷᠪᠠᠨ ᠨᠠᠢᠮᠠ︶ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ | ᠲᠠᠰᠤᠭ᠃ ᠬᠠᠤᠯᠢ ᠶᠣᠰᠣᠭᠠᠷ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠭᠠᠷᠴᠠᠭ ᠤᠨ ᠶᠣᠰᠣᠭᠠᠷ ᠪᠥᠬᠦ | ᠲᠤᠭᠤᠷᠢᠭ ᠤᠨ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯ ᠥᠭᠡᠢ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠣᠨᠴᠠ ᠲᠥᠷᠥᠯ ᠤᠨ ᠲᠤᠨᠤᠭ | ᠲᠥᠬᠦᠭᠡᠷᠦᠮᠵᠢ ᠶᠢᠨ ᠡᠨᠧᠷᠬᠢ ᠠᠷᠪᠢᠯᠠᠬᠤ ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠢ ᠬᠠᠮᠠᠭᠠᠯᠠᠬᠤ | ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠭᠲᠠᠭᠠᠭᠰᠠᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠳᠡᠯ ᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠦᠷᠢᠳᠬᠡᠨ ᠵᠠᠳᠠᠯᠬᠤ ᠬᠡᠷᠡᠭᠲᠡᠶ᠃ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯᠳᠠᠨ᠂ ᠠᠵᠢᠯᠯᠠᠭᠰᠠᠳ ᠢ ᠬᠢᠨᠠᠵᠤ ᠬᠠᠮᠢᠶᠠᠷᠤᠨ᠎ᠠ᠃ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠳᠤ | ᠬᠠᠮᠵᠢᠯᠴᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ | ︵ᠠᠷᠪᠠ ᠶᠢᠰᠦ︶ ᠪᠠᠷᠢᠮᠵᠢᠶᠠᠲᠤ ᠬᠡᠮᠵᠢᠯᠲᠡ ᠶᠢᠨ ᠬᠠᠮᠢᠶᠠᠷᠤᠯᠲᠠ ᠶᠢᠨ ᠲᠠᠰᠤᠭ᠃ ᠬᠠᠤᠯᠢ ᠪᠠᠷ | ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠵᠦ᠂ | ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠤᠭ᠎ᠠ ᠬᠡᠮᠵᠢᠭᠳᠡᠯ ᠤᠨ ᠳᠠᠮᠵᠢᠭᠤᠯᠭ᠎ᠠ ᠶᠢᠨ ᠡᠬᠢ ᠰᠤᠷᠪᠤᠯᠵᠢ ᠶᠢ ᠡᠷᠢᠬᠦ | ᠪᠠ ᠬᠡᠮᠵᠢᠯᠲᠡ ᠶᠢᠨ ᠠᠳᠠᠯᠢᠳᠬᠠᠯ ᠤᠨ ᠠᠵᠢᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ ᠬᠡᠮᠵᠢᠯᠲᠡ ᠶᠢᠨ | ᠮᠡᠷᠭᠡᠵᠢᠯ ᠤᠨ ᠵᠢᠷᠤᠮᠵᠢᠯ ᠤᠨ ᠰᠢᠰᠲ᠋ᠧᠮᠵᠢ ᠶᠢ ᠪᠠᠶᠢᠭᠤᠯᠬᠤ ᠪᠠ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠲᠠᠸᠠᠷ ᠤᠨ | ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ | ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠬᠡᠷᠡᠭᠯᠡᠬᠦ ᠶᠢ ᠵᠢᠷᠤᠮᠵᠢᠭᠤᠯᠤᠨ᠎ᠠ᠃ | ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠵᠤ᠂ ᠤᠯᠤᠰ ᠤᠨ ᠪᠠᠷᠢᠮᠵᠢᠶ᠎ᠠ᠂ ᠠᠵᠢᠯ | ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠪᠠᠷᠢᠮᠵᠢᠶ᠎ᠠ ᠳᠤ ᠲᠤᠯᠭᠠᠵᠤ ᠪᠠᠷᠢᠮᠵᠢᠶ᠎ᠠ ᠳᠤ ᠬᠦᠷᠦᠭᠦᠯᠬᠦ ᠶᠢ ᠬᠡᠷᠡᠭᠵᠢᠭᠦᠯᠬᠦ ᠠᠵᠢᠯ ᠢ | ᠶᠠᠪᠤᠭᠳᠠᠭᠤᠯᠤᠨ᠎ᠠ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ᠂ ᠦᠢᠯᠡᠴᠢᠯᠡᠭᠡᠨ ᠤ | ᠪᠠᠷᠢᠮᠵᠢᠶ᠎ᠠ ᠶᠢ ᠲᠣᠭᠲᠠᠭᠠᠬᠤ ᠵᠢᠴᠢ ᠨᠡᠶᠢᠭᠡᠮ ᠳᠤ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠠᠸᠠᠷ ᠤᠨ ᠵᠢᠷᠤᠭᠠᠰᠤᠨ ᠲᠡᠮᠳᠡᠭ ᠵᠢᠴᠢ ᠢᠯᠭᠠᠬᠤ ᠲᠡᠮᠳᠡᠭ ᠵᠡᠷᠭᠡ ᠠᠵᠢᠯ ᠢ ᠬᠠᠷᠢᠭᠤᠴᠠᠨ᠎ᠠ᠃ | ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠬᠤᠷᠢ︶ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠬᠢᠨᠠᠯᠲᠠ | ᠬᠠᠮᠢᠶᠠᠷᠤᠯᠲᠠ ᠶᠢᠨ ᠲᠠᠰᠤᠭ᠃ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠳᠤ | ᠬᠢᠨᠠᠯᠲᠠ ᠲᠠᠯᠪᠢᠵᠤ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠰᠠᠶᠢᠨ ᠳᠤᠷ᠎ᠠ ᠶᠢᠨ | ᠴᠢᠨᠠᠷᠲᠠᠶ ᠭᠡᠷᠡᠴᠢᠯᠡᠭᠡ ᠬᠢᠬᠦ ᠪᠠ ᠠᠯᠪᠠᠳᠠᠯᠭ᠎ᠠ ᠶᠢᠨ ᠴᠢᠨᠠᠷᠲᠠᠶ ᠪᠦᠲᠦᠭᠡᠭᠳᠡᠬᠦᠨ ᠤ ᠭᠡᠷᠡᠴᠢᠯᠡᠭᠡ ᠬᠢᠬᠦ ᠠᠵᠢᠯ ᠢ ᠬᠢᠨᠠᠨ | ᠬᠠᠮᠢᠶᠠᠷᠴᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠮᠰᠢᠬᠦ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠷᠢᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ᠃ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠣᠰᠣᠭᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ | ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ | ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠲᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ | ᠰᠢᠯᠵᠢᠭᠦᠯᠦᠨ ᠬᠤᠪᠢᠷᠠᠭᠤᠯᠬᠤ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠡᠭᠦᠷᠭᠡᠯᠡᠨ᠎ᠡ᠃ ᠳᠠᠨᠵᠢᠯᠠᠵᠤ ᠪᠠᠯᠠ ᠳᠣᠭᠢᠷᠠᠭᠤᠯᠬᠤ ᠵᠢᠴᠢ ᠳᠠᠯᠳᠠ ᠬᠥᠷᠥᠩᠭᠡ ᠶᠢ ᠦᠨᠡᠯᠡᠨ ᠵᠢᠱᠢᠬᠦ ᠵᠡᠷᠭᠡ ᠠᠵᠢᠯ ᠢ | ᠵᠣᠬᠢᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠲᠠᠸᠠᠷ ᠤᠨ ᠲᠡᠮᠳᠡᠭ ᠪᠠ ᠲᠤᠰᠬᠠᠶ ᠠᠰᠢᠭ ᠤᠨ ᠬᠠᠮᠠᠭᠠᠯᠠᠯᠲᠠ ᠵᠡᠷᠭᠡ ᠬᠤᠯᠪᠣᠭᠳᠠᠯ | ᠪᠥᠬᠦᠶ ᠲᠦᠷᠢᠮ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ | ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ | ᠦᠢᠯᠡᠴᠢᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠣᠬ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠪᠡᠯᠭᠡ ᠳᠡᠮᠳᠡᠭ᠂ ᠬᠤᠷᠠᠮᠠᠯ ᠴᠠᠬᠢᠯᠭᠠᠨ ᠬᠡᠯᠬᠢᠶ᠎ᠡ ᠶᠢᠨ | ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ | ᠬᠠᠮᠠᠭᠠᠯᠠᠵᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ | ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠤᠯᠢ ᠬᠡᠷᠡᠭᠵᠢᠭᠦᠯᠬᠦ ᠬᠠᠮᠵᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠷᠢᠨ ᠬᠤᠶᠠᠷ︶ ᠡᠮ ᠤᠨ ᠵᠦᠢᠯ ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠡᠮ ᠤᠨ ᠵᠦᠢᠯ ᠤᠨ ᠭᠦᠢᠯᠭᠡᠭᠡᠨ ᠤ ᠠᠶᠤᠯ ᠥᠭᠡᠢ ᠶᠢᠨ ᠪᠠᠶᠢᠳᠠᠯ ᠢ ᠡᠵᠡᠮᠰᠢᠨ ᠵᠠᠳᠠᠯᠬᠤ ᠶᠢᠨ ᠬᠠᠮᠲᠤ ᠠᠵᠢᠯ ᠤᠨ | ᠰᠠᠨᠠᠭᠤᠯᠭ᠎ᠠ ᠳᠤᠷᠠᠳᠬᠤ ᠬᠡᠷᠡᠭᠲᠡᠶ᠃ ᠡᠮ ᠤᠨ ᠵᠦᠢᠯ ︵ᠮᠣᠩᠭᠤᠯ ᠬᠢᠲᠠᠳ ᠡᠮ︶ ᠤᠨ ᠵᠢᠵᠢᠭᠯᠡᠨ ᠬᠤᠳᠠᠯᠳᠤᠬᠤ | ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮ ᠤᠨ | ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠣᠯᠤᠨ ᠬᠡᠷᠡᠭᠯᠡᠬᠦ ᠨᠢᠭᠡᠴᠡ ᠶᠢᠨ ᠠᠶᠤᠯ ᠥᠭᠡᠢ ᠶᠢ ᠪᠥᠬᠦ | ᠲᠠᠯ᠎ᠠ ᠪᠠᠷ ᠬᠢᠨᠠᠨ ᠬᠠᠮᠢᠶᠠᠷᠴᠤ᠂ ᠡᠮ ᠤᠨ ᠵᠦᠢᠯ ᠤᠨ ᠡᠵᠡᠩᠨᠡᠯᠲᠡ᠂ ᠬᠡᠷᠡᠭᠯᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠤᠨ ᠬᠡᠷᠡᠭᠵᠢᠭᠦᠯᠦᠯᠲᠡ ᠶᠢ ᠬᠢᠨᠠᠨ ᠵᠢᠯᠣᠭᠤᠳᠬᠤ ᠶᠢ ᠡᠭᠦᠷᠭᠡᠯᠡᠨ᠎ᠡ᠃ ᠡᠮ ᠤᠨ | ᠵᠦᠢᠯ ᠢ ᠲᠦᠷᠦᠯ ᠬᠤᠪᠢᠶᠠᠨ ᠬᠠᠮᠢᠶᠠᠷᠬᠤ ᠲᠦᠷᠢᠮ ᠢ ᠬᠢᠨᠠᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠭᠦᠢᠯᠭᠡᠭᠡᠨ ᠤ ᠭᠤᠭᠴᠤᠭ᠎ᠠ ᠳᠤ ᠤᠯᠤᠰ ᠤᠨ ᠦᠨᠳᠦᠰᠦᠨ ᠡᠮ ᠤᠨ ᠵᠦᠢᠯ ᠤᠨ | ᠲᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ ᠢ ᠡᠵᠡᠩᠨᠡᠬᠦ᠂ ᠬᠡᠷᠡᠭᠯᠡᠬᠦ ᠭᠤᠭᠴᠤᠭ᠎ᠠ ᠶᠢ ᠲᠤᠬᠠᠶ ᠶᠢᠨ ᠭᠠᠵᠠᠷ ᠲᠤᠨᠢ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠮᠴᠢᠯᠡᠭᠡᠨ ᠳᠤ | ᠬᠡᠷᠡᠭᠯᠡᠬᠦ ᠬᠤᠣᠷᠲᠤ ᠴᠢᠨᠠᠷᠲᠠᠶ ᠡᠮ ᠤᠨ ᠬᠡᠷᠡᠭᠰᠡᠯ᠂ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ | ᠰᠠᠴᠤᠷᠠᠭ ᠴᠢᠨᠠᠷᠲᠠᠶ ᠡᠮ ᠤᠨ ᠵᠦᠢᠯ ᠪᠠ ᠡᠮ ᠤᠨ ᠵᠦᠢᠯ ᠤᠨ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ | ᠵᠦᠢᠯ ᠢ ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠵᠠᠰᠠᠯ ᠴᠢᠮᠡᠭ ᠤᠨ ᠡᠳ᠋ ᠤᠨ ᠭᠦᠢᠯᠭᠡᠭᠡᠨ ᠤ ᠬᠦᠷᠢᠶᠡᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ | ᠬᠦᠷᠢᠶᠡᠨ ᠤ ᠠᠶᠤᠯ ᠥᠭᠡᠢ ᠶᠢ ᠪᠥᠬᠦ ᠲᠠᠯ᠎ᠠ ᠪᠠᠷ ᠬᠢᠨᠠᠨ ᠬᠠᠮᠢᠶᠠᠷᠬᠤ᠂ ᠵᠠᠳᠠᠯᠤᠯᠲᠠ ᠬᠢᠬᠦ ᠪᠠ ᠲᠤᠬᠠᠶ ᠶᠢᠨ | ᠭᠠᠵᠠᠷ ᠲᠤᠨᠢ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠣᠨᠴᠣᠭᠤᠶ ᠪᠤᠰᠤ ᠭᠤᠶᠣᠯᠠᠯ ᠤᠨ ᠡᠳ᠋ ᠢ ᠳᠠᠩᠰᠠᠯᠠᠬᠤ | ᠠᠵᠢᠯ ᠢ ᠬᠠᠷᠢᠭᠤᠴᠠᠨ᠎ᠠ᠃ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠬᠦᠷᠢᠶᠡᠨ ᠳᠠᠬᠢ ᠬᠢᠨᠠᠯᠲᠠ | ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠦᠨ᠎ᠡ᠃ | ︵ᠬᠤᠷᠢᠨ ᠭᠤᠷᠪᠠ︶ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠥᠯᠥᠪᠯᠡᠬᠦ ᠶᠢᠨ ᠬᠠᠮᠲᠤ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ ᠪᠠ ᠲᠥᠷᠥᠯ ᠬᠤᠪᠢᠶᠠᠨ | ᠬᠠᠮᠢᠶᠠᠷᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ | ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠶᠢ ᠬᠢᠨᠠᠨ ᠵᠢᠯᠤᠭᠤᠳᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠢ | ᠡᠵᠡᠩᠨᠡᠬᠦ᠂ ᠬᠡᠷᠡᠭᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠰᠦᠯᠵᠢᠶ᠎ᠡ ᠪᠠᠷ ᠪᠣᠷᠣᠯᠠᠭᠤᠯᠬᠤ ᠡᠮᠴᠢᠯᠡᠭᠡᠨ ᠤ ᠪᠠᠭᠠᠵᠢ ᠬᠡᠷᠡᠭᠰᠡᠯ ᠳᠤ ᠬᠠᠤᠯᠢ ᠶᠣᠰᠣᠭᠠᠷ ᠬᠢᠨᠠᠯᠲᠠ | ᠬᠠᠮᠢᠶᠠᠷᠤᠯᠲᠠ ᠶᠠᠪᠤᠭᠤᠯᠤᠨ᠎ᠠ᠃ | ︵ᠬᠤᠷᠢᠨ ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠲᠠᠰᠤᠭ᠃ ᠬᠠᠮᠢᠶ᠎ᠠ | ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ | ᠬᠡᠷᠡᠭᠵᠢᠭᠦᠯᠦᠨ᠂ ᠪᠥᠬᠦ ᠲᠤᠭᠤᠷᠢᠭ ᠤᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ | ᠰᠤᠳᠤᠯᠤᠯ ᠤᠨ ᠪᠣᠭᠤᠮᠲᠠ ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ | ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠯᠡᠬᠦ᠂ ᠵᠢᠯᠣᠭᠤᠳᠤᠨ ᠬᠡᠷᠡᠭᠵᠢᠭᠦᠯᠬᠦ ᠵᠡᠷᠭᠡ | ᠠᠵᠢᠯ ᠢ ᠡᠭᠦᠷᠭᠡᠯᠡᠨ᠎ᠡ᠃ | ︵ᠬᠤᠷᠢᠨ ᠲᠠᠪᠤ︶ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠪᠠᠶᠢᠭᠤᠯᠭ᠎ᠠ ᠪᠠ ᠬᠠᠷᠢᠶ᠎ᠠ | ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ᠂ | ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ᠂ | ᠠᠵᠢᠯᠲᠠᠨ ᠤ ᠡᠳᠦᠷ ᠲᠤᠲᠤᠮ ᠤᠨ ᠠᠵᠢᠯ ᠵᠢᠴᠢ ᠦᠢᠯᠡ ᠠᠵᠢᠯᠯᠠᠭ᠎ᠠ ᠶᠢᠨ ᠵᠢᠷᠤᠮᠵᠢᠯ ᠳᠤ ᠬᠢᠨᠠᠨ ᠪᠠᠶᠢᠴᠠᠭᠠᠯᠲᠠ | ᠬᠢᠨ᠎ᠠ᠃ | ︵ᠬᠤᠷᠢᠨ ᠵᠢᠷᠭᠤᠭ᠎ᠠ︶ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ | ᠥᠷᠨᠢᠭᠦᠯᠦᠨ᠎ᠡ᠃ ᠬᠤᠪᠢ ᠶᠢᠨ ᠪᠠ ᠬᠤᠪᠢ ᠶᠢᠨ ᠠᠵᠤ ᠠᠬᠤᠶ᠂ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠡᠪᠯᠡᠯ ᠢ ᠪᠠᠶᠢᠭᠤᠯᠬᠤ ᠠᠵᠢᠯ ᠢ ᠵᠢᠯᠣᠭᠤᠳᠤᠨ᠎ᠠ᠃ | | | ᠬᠤᠶᠠᠷ᠂ ᠵᠠᠬ᠎ᠠ ᠳᠡᠯᠭᠡᠭᠦᠷ ᠤᠨ ᠭᠠᠵᠠᠷ | ︵1︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠤᠭᠤᠰᠢᠯᠠᠭᠤᠯᠤᠨ | ᠬᠡᠷᠡᠭᠵᠢᠭᠦᠯᠦᠨ᠎ᠡ᠃ | ︵2︶ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ︽ᠬᠤᠤᠰ | ᠲᠣᠬᠢᠶᠠᠯᠳᠤᠯ︾ ᠢᠶᠠᠷ ᠪᠠᠶᠢᠴᠠᠭᠠᠬᠤ᠂ ᠬᠠᠮᠢᠶ᠎ᠠ ᠪᠥᠬᠦᠶ ᠵᠥᠪᠰᠢᠶᠡᠷᠡᠯ ᠤᠨ ᠳᠠᠷᠠᠭ᠎ᠠ ᠰᠢᠯᠭᠠᠨ ᠠᠪᠬᠤ᠂ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠵᠦ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ | ᠰᠢᠢᠳᠪᠦᠷᠢᠯᠡᠬᠦ ᠶᠣᠰᠣᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠣᠬᠢᠬᠤ ᠬᠠᠤᠯᠢ | ᠬᠡᠷᠡᠭᠵᠢᠭᠦᠯᠬᠦ ᠠᠩᠭᠢ ᠳᠤ ᠰᠢᠯᠵᠢᠭᠦᠯᠦᠨ ᠲᠤᠰᠢᠶᠠᠵᠤ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠭᠦᠯᠦᠨ᠎ᠡ᠃ | ︵3︶ ᠬᠠᠷᠢᠶ᠎ᠠ ᠣᠷᠣᠨ ᠤ ᠳᠣᠲᠣᠷᠠᠬᠢ ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂ | ᠢᠯᠡᠴᠢᠯᠡᠨ ᠮᠡᠳᠡᠭᠦᠯᠬᠦ ᠪᠠ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠰᠢᠯᠵᠢᠭᠦᠯᠦᠨ | ᠰᠢᠢᠳᠪᠦᠷᠢᠯᠡᠭᠦᠯᠬᠦ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠳᠤ ᠵᠠᠭᠠᠯᠳᠤᠯᠭ᠎ᠠ᠂ ᠬᠡᠷᠡᠭ ᠢ | ᠰᠢᠯᠵᠢᠭᠦᠯᠬᠦ ᠳᠤ ᠬᠤᠯᠪᠣᠭᠳᠠᠪᠠᠯ ᠵᠣᠬᠢᠴᠠᠩᠭᠤᠶ ᠬᠠᠤᠯᠢ ᠬᠡᠷᠡᠭᠵᠢᠭᠦᠯᠬᠦ ᠠᠩᠭᠢ ᠳᠤ ᠰᠢᠯᠵᠢᠭᠦᠯᠦᠨ ᠥᠭᠴᠦ | ᠰᠢᠢᠳᠪᠦᠷᠢᠯᠡᠭᠦᠯᠦᠨ᠎ᠡ᠃ | ︵4︶ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠡᠨᠡᠳᠲᠡ ᠶᠢᠨ | ᠬᠡᠷᠡᠭ ᠢ ᠠᠷᠭᠠᠴᠠᠨ ᠰᠢᠢᠳᠪᠦᠷᠢᠯᠡᠨ᠎ᠡ᠃ | ︵5︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠲᠤᠰᠢᠶᠠᠯ ᠬᠠᠷᠢᠭᠤᠴᠠᠯᠭ᠎ᠠ᠃ | ︵6︶ ᠬᠠᠷᠢᠶ᠎ᠠ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠲᠤᠰᠢᠶᠠᠭᠰᠠᠨ ᠠᠵᠢᠯ ᠤᠨ ᠡᠭᠦᠷᠭᠡ ᠶᠢ | ᠪᠡᠶᠡᠯᠡᠭᠦᠯᠦᠨ᠎ᠡ᠃ | ︵7︶ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ | ᠪᠡᠶᠡᠯᠡᠭᠦᠯᠦᠨ᠎ᠡ᠃ | | | ᠭᠤᠷᠪᠠ᠂ ᠬᠠᠤᠯᠢ ᠬᠡᠷᠡᠭᠵᠢᠭᠦᠯᠬᠦ ᠠᠩᠬᠢ | ︵1︶ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ | ︵2︶ ᠶᠡᠷᠦᠩᠬᠡᠶᠢᠯᠡᠨ ᠰᠤᠭᠤᠴᠢᠨ ᠪᠠᠶᠢᠴᠠᠭᠠᠬᠤ ᠡᠭᠦᠷᠭᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵3︶ ᠪᠦᠬᠦ ᠲᠠᠯ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠬᠤᠷᠢᠶᠠᠩᠭᠤᠶᠢᠯᠠᠨ᠎ᠠ᠃ | ︵4︶ ᠳᠤᠭᠤᠶᠢᠯᠠᠩ ᠨᠢ ᠵᠠᠬ᠎ᠠ ᠳᠡᠯᠭᠡᠭᠦᠷ ᠲᠠᠢ ᠬᠠᠮᠵᠢᠯᠴᠠᠵᠤ ᠪᠠᠶᠢᠭᠠᠳ ︽ᠬᠤᠣᠰ ᠲᠣᠬᠢᠶᠠᠯᠳᠤᠯ︾ ᠤᠨ | ᠪᠠᠶᠢᠴᠠᠭᠠᠯᠲᠠ ᠶᠢ ᠪᠡᠶᠡᠯᠡᠭᠦᠯᠦᠨ᠎ᠡ᠃ | ︵5︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠪᠠᠭᠤᠷᠠᠶ ᠭᠤᠭᠴᠤᠭ᠎ᠠ | ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠡᠭ ᠲᠤ ᠴᠢᠭᠯᠡᠭᠦᠯᠦᠨ᠂ ᠮᠥᠷᠳᠡᠨ ᠪᠠᠶᠢᠴᠠᠭᠠᠬᠤ ᠰᠠᠨᠠᠭᠤᠯᠭ᠎ᠠ | ᠳᠤᠷᠠᠳᠴᠤ᠂ ᠵᠠᠬ᠎ᠠ ᠳᠡᠯᠭᠡᠭᠦᠷ ᠤᠨ ᠭᠠᠵᠠᠷ ᠲᠤ ᠲᠤᠰᠢᠶᠠᠨ ᠰᠢᠢᠳᠪᠦᠷᠢᠯᠡᠭᠦᠯᠵᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ ᠪᠣᠯᠤᠨ᠎ᠠ᠃ | ︵6︶ 12315 ᠶᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠨ᠎ᠡ᠃ | | | ᠠᠵᠢᠯᠯᠠᠬᠤ ᠬᠠᠶ᠋ᠢᠭ᠄ ᠢᠦᠶ ᠴᠢᠤᠸᠠᠨ ᠲᠣᠭᠤᠷᠢᠭ ᠤᠨ ᠨᠠᠨ ᠴᠠ ᠹᠠᠩ ᠡᠮᠦᠨ᠎ᠡ ᠵᠡᠭᠡᠯᠢ ᠶᠢᠨ 94 ᠳ᠋ᠤᠭᠡᠷ | ᠨᠣᠮᠧᠷ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 2949927 | ᠬᠠᠷᠢᠭᠤᠴᠠᠯᠭ᠎ᠠ ᠡᠭᠦᠷᠭᠡᠯᠡᠭᠴᠢ᠄ ᠮᠧᠩ ᡁᠢ ᠢ | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | | |