ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠤᠶᠠᠳᠤᠭᠠᠷ ᠬᠤᠭᠤᠴᠠᠭᠠᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ︾ ᠰᠢ ᠲᠠᠭᠤᠤᠷᠢᠯᠢᠭ ᠤᠨ ᠤᠷᠠᠨ ᠰᠠᠶᠢᠬᠠᠨ ᠤ ᠲᠣᠭᠯᠠᠯᠲᠠ ᠡᠬᠢᠯᠡᠪᠡ
ᠨᠡᠶᠢᠲᠡᠯᠡᠭᠰᠡᠨ ᠴᠠᠭ᠄
2024/7/25
     ᠥᠷᠭᠡᠨ ᠤᠯᠠᠨ ᠲᠦᠮᠡᠨ ᠳᠤ ᠨᠡᠩ ᠪᠠᠶᠠᠯᠢᠭ᠂ ᠴᠢᠨᠠᠷ ᠰᠠᠶᠢᠲᠠᠢ ᠤᠶᠤᠨ ᠤ ᠰᠣᠶᠣᠯ ᠤᠨ ᠠᠮᠢᠳᠤᠷᠠᠯ ᠢ ᠮᠡᠳᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ ᠲᠦᠯᠦᠭᠡ᠂ ᠤᠶᠢᠷ᠎ᠠ ᠳᠤ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠳᠤ ᠵᠢᠷᠭᠤᠭᠠᠨ ᠡᠳᠦᠷ ᠤᠨ ᠬᠤᠭᠤᠴᠠᠭ᠎ᠠ ᠲᠠᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ︾ ᠰᠢ ᠳᠠᠭᠤᠤᠷᠢᠯᠢᠭ ᠤᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠰᠠᠭᠤᠭᠠᠯᠢ ᠠᠷᠠᠳ ᠲᠤ ᠥᠪᠡᠷ ᠤᠨ ᠡᠭᠦᠳᠡᠨ ᠳᠡᠭᠡᠨ ᠣᠶᠤᠨ ᠤ ᠰᠣᠶᠣᠯ ᠤᠨ ᠬᠤᠭᠤᠯᠠ ᠶᠢ ᠡᠳ᠋ᠯᠡᠭᠦᠯᠪᠡ᠃
     ᠲᠣᠰ ᠤᠳᠠᠭᠠᠨ ᠤ ᠰᠢ ᠲᠠᠭᠤᠤᠷᠢᠯᠢᠭ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠪᠣᠳᠠᠲᠠᠶ ᠦᠢᠯᠡᠳᠦᠯᠭᠡ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠪᠠᠰᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃
     ᠵᠢᠷᠭᠤᠭᠠᠨ ᠡᠳᠦᠷ ᠤᠨ ᠬᠤᠭᠤᠴᠠᠭᠠᠨ ᠳᠤ᠂ ︽ᠪᠢᠯᠢᠭᠲᠦ ᠬᠦᠷᠦᠭᠡᠰᠦ ᠰᠡᠯᠡᠮ᠎ᠡ︾᠂ ︽ᠶᠠᠰᠤ ᠮᠢᠬᠠᠨ ᠤ ᠥᠰᠢᠶ᠎ᠡ︾᠂ ︽ᠴᠡᠴᠡᠭ ᠤᠨ ᠳᠤᠮᠳᠠᠬᠢ ᠡᠷᠳᠡᠮᠲᠡᠨ ᠮᠡᠷᠭᠡᠳ︾ ᠵᠡᠷᠭᠡ ᠰᠢᠯᠢᠳᠡᠭ ᠵᠦᠴᠦᠭᠡ ᠡᠭᠡᠯᠵᠢᠯᠡᠨ ᠲᠣᠭᠯᠠᠯᠲᠠ ᠭᠠᠷᠭᠠᠵᠤ᠂ ᠦᠳᠡ ᠶᠢᠨ ᠲᠠᠯᠠᠪᠠᠢ ᠪᠠ ᠣᠷᠣᠶ ᠶᠢᠨ ᠲᠠᠯᠠᠪᠠᠢ ᠭᠡᠵᠦ ᠬᠤᠪᠢᠶᠠᠭᠳᠠᠵᠤ᠂ ᠱᠠᠨ ᠰᠢ ᠵᠦᠴᠦᠭᠡ ᠠᠴᠠ ᠭᠠᠳᠠᠨ᠎ᠠ ᠪᠠᠰᠠ ᠬᠤᠶᠠᠷ ᠬᠥᠮᠦᠨ ᠤ ᠲᠠᠶᠢᠰᠠ᠂ ᠳᠠᠭᠤᠤ ᠪᠥᠵᠢᠭ ᠤᠨ ᠲᠣᠭᠯᠠᠯᠲᠠ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠠᠳᠠᠯᠢ ᠪᠤᠰᠤ ᠬᠥᠮᠦᠰ ᠤᠨ ᠰᠣᠶᠣᠯ ᠤᠷᠠᠯᠢᠭ ᠤᠨ ᠬᠡᠷᠡᠭᠴᠡᠭᠡ ᠶᠢ ᠬᠠᠩᠭᠠᠪᠠ᠃ ᠲᠣᠭᠯᠠᠯᠲᠠ ᠶᠢᠨ ᠠᠬᠤᠢ ᠲᠠᠯᠠᠪᠠᠢ ᠳᠤ ᠬᠥᠮᠦᠰ ᠬᠤᠷᠠᠨ ᠴᠤᠭᠯᠠᠷᠠᠵᠤ᠂ ᠭᠤᠶᠢᠳᠠ ᠰᠠᠶᠢᠬᠠᠨ ᠰᠢ ᠵᠦᠴᠦᠭᠡ ᠶᠢᠨ ᠲᠣᠭᠯᠠᠯᠲᠠ ᠨᠢ ᠤᠯᠠᠨ ᠲᠦᠮᠡᠨ ᠤ ᠠᠩᠬᠠᠷᠤᠯ ᠢ ᠲᠠᠲᠠᠵᠤ᠂ ᠲᠣᠭᠯᠠᠭᠴᠢᠳ ᠢᠷᠠᠭᠤ ᠰᠠᠶᠢᠬᠠᠨ ᠳᠠᠭᠤᠯᠠᠵᠤ᠂ ᠢᠷᠠᠭᠤ ᠰᠠᠶᠢᠬᠠᠨ ᠠᠶᠠᠯᠭᠤ᠂ ᠭᠤᠶᠢᠳᠠ ᠰᠠᠶᠢᠬᠠᠨ ᠲᠣᠭᠯᠠᠯᠲᠠ ᠨᠢ ᠤᠯᠠᠨ ᠲᠦᠮᠡᠨ ᠳᠤ ᠰᠢ ᠵᠦᠴᠦᠭᠡ ᠶᠢᠨ ᠷᠢᠳᠢ ᠰᠢᠳᠢ ᠶᠢ ᠮᠡᠳᠡᠷᠡᠭᠦᠯᠵᠦ᠂ ᠬᠠᠯᠠᠭᠤᠨ ᠠᠯᠠᠭ᠎ᠠ ᠲᠠᠰᠢᠯᠳᠠ ᠶᠢ ᠤᠯᠪᠠ᠃
     ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠢ ᠱᠧᠩ ᠸᠧᠨ᠄ ︽ᠡᠨᠡ ᠪᠣᠯ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠤᠶᠠᠳᠤᠭᠠᠷ ᠬᠤᠭᠤᠴᠠᠭᠠᠨ ᠤ ᠰᠢ ᠲᠠᠭᠤᠤᠷᠢᠯᠢᠬ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠣᠯᠤᠨ᠎ᠠ᠂ ᠪᠢᠳᠡ ᠤᠷᠢᠳ ᠬᠤᠵᠢᠳ ᠠᠷᠠᠳ ᠤᠨ ᠬᠡᠷᠡᠭᠴᠡᠭᠡ ᠶᠢ ᠠᠰᠠᠭᠤᠵᠤ᠂ ᠤᠯᠠᠨ ᠤ ᠪᠠᠭ᠋ᠠᠷᠬᠠᠬᠤ ᠠᠭᠤᠯᠭ᠎ᠠ ᠪᠣᠯᠤᠨ ᠬᠡᠯᠪᠡᠷᠢ ᠪᠠᠷ ᠲᠤᠬᠢᠷᠠᠭᠤᠯᠤᠯᠳᠠ ᠬᠢᠵᠡᠢ᠃ ᠡᠭᠦᠨ ᠤ ᠵᠣᠷᠢᠯᠭ᠎ᠠ ᠨᠢ ᠰᠠᠭᠤᠭᠠᠯᠢ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠤᠭᠤᠷᠣᠨᠳᠣᠬᠢ ᠵᠠᠶ ᠶᠢ ᠤᠶᠢᠷᠠᠲᠤᠭᠤᠯᠬᠤ ᠪᠠ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠳᠤ ᠠᠰᠢᠭᠲᠠᠶ ᠶᠤᠮ︾ ᠭᠡᠪᠡ᠃
     ᠬᠤᠶᠢᠰᠢᠳᠠ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠴᠢᠷᠮᠠᠶᠢᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠬᠦᠯᠵᠦ᠂ ᠰᠣᠶᠣᠯ ᠠᠷᠠᠳ ᠤᠨ ᠲᠥᠯᠥᠭᠡ ᠪᠠᠶᠢᠬᠤ᠂ ᠰᠣᠶᠣᠯ ᠢᠶᠠᠷ ᠠᠷᠠᠳ ᠢ ᠤᠮᠳᠠᠯᠠᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠦᠨᠡᠨᠬᠦ ᠪᠡᠶᠡᠯᠡᠭᠦᠯᠵᠦ᠂ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠡᠮᠡᠷᠢᠯᠡᠨ᠎ᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号