ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ
ᠨᠡᠶᠢᠲᠡᠯᠡᠭᠰᠡᠨ ᠴᠠᠭ᠄
2024/7/25
ᠨᠢᠭᠡ᠂ ᠭᠤᠣᠯ ᠡᠭᠦᠷᠭᠡ ᠲᠤᠰᠢᠶᠠᠯ      ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠢᠦᠶ ᠴᠢᠤᠸᠠᠨ ᠬᠤᠪᠢᠶᠠᠷᠢ ᠲᠣᠪᠴᠢᠶ᠎ᠠ ᠶᠢᠨ ᠤᠤᠯ ᠨᠡᠷ᠎ᠡ ᠨᠢ ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠢᠦᠶ ᠴᠢᠤᠸᠠᠨ ᠬᠤᠪᠢᠶᠠᠷᠢ ᠲᠣᠪᠴᠢᠶ᠎ᠠ ᠭᠡᠳᠡᠭ᠂ 2019 ᠣᠨ ᠤ 9 ᠰᠠᠷ᠎ᠠ ᠳᠤ᠂ ᠬᠥᠬᠡᠬᠤᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ︽ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠳᠣᠭᠢᠷᠠᠭᠤᠯᠬᠤ ᠲᠤᠬᠠᠶ ᠮᠡᠳᠡᠭᠳᠡᠯ︾ ︵ᠬᠥᠬᠡᠬᠤᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠨᠠᠶᠢᠷᠠᠭᠤᠯᠤᠨ ᠲᠠᠷᠬᠠᠭᠠᠭᠰᠠᠨ  ﹇2019﹈ 39 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠵᠢᠩᠬᠢᠨᠢ ᠪᠠᠷ ᠪᠠᠶᠢᠭᠤᠯᠤᠭᠳᠠᠪᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠪᠤᠯᠤᠭᠰᠠᠨ ᠤ ᠬᠤᠪᠢ ᠳᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠲᠠᠰ ᠪᠠᠶᠢᠵᠤ᠂ ᠲᠣᠰ ᠲᠣᠰ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶ ᠬᠢᠨᠠᠨ ᠲᠣᠭᠲᠠᠭᠠᠨ᠎ᠠ᠃ ᠬᠡᠳᠦᠨ ᠵᠢᠯ ᠤᠨ ᠲᠤᠷᠰᠢ᠂ ᠬᠤᠳᠠ ᠶᠢᠨ ᠲᠣᠪᠴᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠲᠠᠷᠢᠶᠠᠨ ᠭᠠᠵᠠᠷ ᠢ ᠬᠠᠮᠠᠭᠠᠯᠠᠬᠤ᠂ ᠬᠥᠭᠵᠢᠯᠲᠡ ᠶᠢ ᠪᠠᠲᠤᠯᠠᠬᠤ ᠪᠠᠷ ᠡᠬᠢᠯᠡᠯᠲᠡ ᠪᠣᠯᠭᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ᠂ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠬᠠᠷᠢᠯᠴᠠᠬᠤ ᠤᠲᠠᠰᠤ᠄ 0471—3593645᠃  ᠬᠤᠶᠠᠷ᠂ ᠳᠣᠲᠣᠭᠠᠳᠤ ᠪᠠᠶᠢᠭᠤᠯᠤᠮᠵᠢ      1.ᠶᠡᠷᠦᠩᠬᠡᠶᠢᠯᠡᠭᠰᠡᠨ ᠲᠠᠰᠤᠭ      ᠬᠤᠪᠢᠶᠠᠷᠢ ᠲᠣᠪᠴᠢᠶ᠎ᠠ ᠶᠢᠨ ᠠᠯᠪᠠᠨ ᠬᠡᠷ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠵᠡᠷᠭᠡ ᠡᠳᠦᠷ ᠲᠤᠲᠤᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠵᠢᠯ ᠢ ᠬᠠᠷᠢᠭᠤᠴᠠᠨ᠎ᠠ᠃      2.ᠲᠤᠬᠠᠶᠢᠯᠠᠭᠰᠠᠨ ᠠᠵᠢᠯ ᠤᠨ ᠲᠠᠰᠤᠭ      ᠲᠣᠮᠢᠯᠠᠭᠰᠠᠨ ᠣᠷᠣᠨ ᠪᠦᠰᠡ ᠶᠢᠨ ᠡᠯ᠎ᠡ ᠵᠦᠢᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃      ᠠᠵᠢᠯᠯᠠᠬᠤ ᠬᠠᠶ᠋ᠢᠭ᠄ ᠢᠦᠶ ᠴᠢᠤᠸᠠᠨ ᠲᠣᠭᠤᠷᠢᠭ ᠤᠨ ᠪᠢᠨ ᠾᠧ ᠬᠤᠶᠢᠲᠤ ᠵᠠᠮ ᠬᠢᠭᠡᠳ ᠬᠤᠷᠢᠨᠭᠡᠷ ᠡᠮᠦᠨ᠎ᠡ ᠵᠠᠮ ᠤᠨ ᠠᠭᠤᠯᠵᠠᠷ ᠤᠨ ᠪᠠᠷᠠᠭᠤᠨ 300 ᠮᠧᠲᠷ ᠤᠨ ᠵᠠᠮ ᠤᠨ ᠡᠮᠦᠨ᠎ᠡ      ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471 — 3593645      ᠬᠠᠷᠢᠭᠤᠴᠠᠯᠭ᠎ᠠ ᠡᠭᠦᠷᠭᠡᠯᠡᠭᠴᠢ᠄ ᠳ᠋ᠦ᠋ ᠶᠢᠩ ᠬᠤᠸᠠ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号