ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/26
     7 ᠳ᠋ᠤᠭᠠᠷ ᠰᠠᠷ᠎ᠠ ᠶᠢᠨ 23 ᠤ ᠡᠳᠦᠷ᠂ ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠭᠲᠠᠭᠠᠯ︾ ᠤᠨ ᠲᠤᠬᠠᠢ ᠲᠣᠳᠣᠷᠬᠠᠶᠢᠯᠠᠯᠲᠠ ᠶᠢ ᠰᠤᠷᠤᠯᠴᠠᠬᠤ ᠶᠢᠨ ᠬᠠᠮᠲᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦ ᠷᠦᠢ ᠳ᠋ᠦᠩ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠨ᠂ ᠪᠥᠬᠦ ᠨᠠᠮ ᠤᠨ ᠭᠡᠰᠢᠭᠦᠨ᠂ ᠺᠠᠳ᠋ᠷᠴᠤᠳ ᠬᠤᠷᠠᠯ ᠳᠤ ᠣᠷᠣᠯᠴᠠᠪᠠ᠃
     ᠬᠤᠷᠠᠯ ᠠᠴᠠ ᠵᠢᠭᠠᠨ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠲᠡᠦᠬᠡᠨ ᠠᠬᠤᠢ ᠪᠠᠶᠢᠳᠠᠯ ᠳᠣᠣᠷ᠎ᠠ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠯᠢ ᠤᠯᠠᠨ ᠴᠢᠭᠯᠡᠯᠳᠤ ᠴᠢᠨᠠᠷ᠂ ᠵᠠᠷᠴᠢᠮᠳᠤ ᠴᠢᠨᠠᠷᠲᠠᠢ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠪᠣᠯᠤᠨ ᠴᠢᠩᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠷᠭᠡᠨ ᠠᠭᠤᠳᠠᠮ ᠢᠷᠡᠭᠡᠳᠦᠢ ᠶᠢ ᠨᠡᠭᠡᠭᠡᠬᠦ ᠳᠤ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠶᠢ ᠡᠭᠦᠳᠬᠦ ᠦᠵᠡᠯ ᠰᠠᠨᠠᠭ᠎ᠠ ᠪᠣᠯᠤᠨ ᠰᠢᠨ᠎ᠡ ᠶᠢ ᠡᠭᠦᠳᠬᠦ ᠣᠨᠣᠯ ᠢᠶᠠᠷ ᠦᠢᠯᠡᠳᠦᠯᠭᠡ ᠶᠢ ᠵᠢᠯᠣᠭᠤᠳᠬᠤ᠂ ᠠᠵᠢᠯ ᠢ ᠲᠦᠯᠬᠢᠨ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号