ᠢᠦᠢ ᠴᠢᠤᠸᠠᠨ ᠲᠣᠭᠤᠷᠢᠭ ᠤᠨ ᠬᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠤ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/7/29
     ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠤᠬᠠᠭᠤᠯᠤᠨ ᠲᠠᠶᠢᠯᠪᠤᠷᠢᠯᠠᠬᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠬᠦ ᠶᠢ ᠠᠬᠢᠭᠤᠯᠵᠤ᠂ ᠤᠨᠤᠯ ᠤᠨ ᠤᠬᠠᠭᠤᠯᠭ᠎ᠠ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ︽ᠡᠭᠡᠯ ᠠᠷᠠᠳ ᠤᠨ ᠭᠡᠷ ᠲᠤ ᠣᠷᠣᠭᠤᠯᠬᠤ︾ ᠶᠢ ᠨᠡᠪᠲᠡᠷᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 26 ᠤ ᠡᠳᠦᠷ᠂ ᠢᠦᠢ ᠴᠢᠤᠸᠠᠨ ᠲᠣᠭᠤᠷᠢᠭ ᠤᠨ ᠬᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠤ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠡᠷᠬᠢᠯᠡᠪᠡ᠃
     ᠪᠦᠬᠦ ᠲᠤᠭᠤᠷᠢᠭ ᠤᠨ ᠡᠯ᠎ᠡ ᠨᠠᠮ ︵ᠠᠵᠢᠯᠴᠢᠨ︶ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠵᠢᠴᠢ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠤᠨᠤᠯ ᠤᠨ ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ ᠨᠡᠶᠢᠳᠡ 150 ᠭᠠᠷᠤᠢ ᠬᠥᠮᠦᠨ ᠬᠤᠷᠠᠯ ᠳᠤ ᠣᠷᠣᠯᠴᠠᠪᠠ᠃
     ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠩ ᠵᠢᠩ ᠵᠢᠶᠦ᠋ᠨ ᠢ ᠣᠨᠴᠠᠭᠠᠶᠢᠯᠠᠨ ᠤᠷᠢᠵᠤ᠂ ᠰᠢᠨ᠎ᠡ ᠴᠠᠭ ᠦᠶ᠎ᠡ ᠶᠢᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯ ᠤᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠵᠡᠷᠭᠡ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠬᠤ ᠪᠠᠷ ᠳᠠᠮᠵᠢᠭᠤᠯᠵᠤ᠂ ᠤᠯᠠᠨ ᠢ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠡᠷᠡᠰ ᠪᠠᠲᠤ ᠰᠢᠲᠦᠭᠴᠢ᠂ ᠢᠳᠡᠪᠬᠢᠲᠡᠢ ᠤᠯᠠᠮᠵᠢᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃
     ᠬᠤᠷᠠᠯ ᠳᠡᠭᠡᠷ᠎ᠡ᠂ ︽ᠬᠥᠬᠡ ᠬᠤᠲᠠ ᠶᠢᠨ ᠬᠡᠷᠡᠯ ᠭᠢᠯᠪᠠᠭ᠎ᠠ︾ 2024 ᠣᠨ ᠤ ᠬᠥᠬᠡᠬᠤᠲᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ ᠳᠥᠷᠪᠡᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠯᠢᠦ ᠵᠢᠶᠠᠩ ᠬᠤᠸᠠ᠂ ᠯᠢᠦ ᠴᠦᠨ ᠰᠢᠶᠠ᠂ ᠵᠧᠤ ᠯᠧ᠂ ᠵᠢᠩ ᠸᠧᠨ ᠪᠢᠨ ᠢ ᠤᠷᠢᠵᠤ ᠣᠯᠠᠨ ᠳᠤ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠯᠲᠠ ᠬᠢᠯᠭᠡᠪᠡ᠃ ᠰᠢᠯᠢᠳᠡᠭ ᠤᠬᠠᠭᠤᠯᠤᠨ ᠲᠠᠶᠢᠯᠪᠤᠷᠢᠯᠠᠭᠴᠢ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠭᠤᠶᠢᠳᠠ ᠰᠠᠶᠢᠬᠠᠨ ᠤᠷ᠎ᠠ ᠴᠢᠳᠠᠪᠤᠷᠢ ᠪᠠᠷ ᠬᠤᠷᠠᠯ ᠳᠤ ᠣᠷᠣᠯᠴᠠᠭᠰᠠᠳ ᠲᠤ ᠭᠤᠶᠢᠳᠠ ᠰᠠᠶᠢᠬᠠᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠯᠲᠠ ᠶᠢ ᠠᠪᠴᠢᠷᠠᠵᠤ ᠥᠭᠪᠡ᠃ ᠲᠡᠳᠡ ᠠᠵᠢᠯ ᠤᠨ ᠪᠣᠳᠠᠲᠤ ᠪᠠᠶᠢᠳᠠᠯ ᠪᠠ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠮᠢᠳᠤᠯᠢᠭ ᠦᠯᠢᠭᠡᠷ ᠪᠠ ᠠᠮᠢᠳᠤ ᠰᠣᠷᠭᠤᠭ ᠬᠡᠷᠡᠭ ᠤᠨ ᠵᠢᠱᠢᠶ᠎ᠡ ᠪᠣᠯᠭᠠᠨ ᠬᠤᠪᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠨᠢᠭᠡᠪᠦᠷᠢ ᠳᠤ ᠭᠦᠨ ᠰᠡᠩᠬᠡᠷᠡᠭᠦᠯᠦᠯ ᠥᠭᠴᠦ᠂ ᠶᠡᠭᠡ ᠣᠯᠤᠯᠲᠠ ᠲᠠᠢ ᠪᠣᠯᠵᠠᠢ᠃
     ᠲᠣᠰ ᠤᠳᠠᠭᠠᠨ ᠤ ᠪᠤᠯᠪᠠᠰᠤᠷᠠᠯ ᠤᠨ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠪᠥᠬᠦ  ᠲᠤᠭᠤᠷᠢᠭ ᠤᠨ ᠣᠨᠣᠯ ᠢ ᠤᠬᠠᠭᠤᠯᠤᠨ ᠲᠠᠶᠢᠯᠪᠤᠷᠢᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠴᠦ᠂ ᠨᠠᠮ ᠤᠨ ᠳᠠᠭᠤᠨ ᠢ ᠳᠠᠮᠵᠢᠭᠤᠯᠬᠤ᠂ ᠤᠯᠠᠨ ᠲᠦᠮᠡᠨ ᠤ ᠬᠦᠴᠦᠨ ᠴᠢᠳᠠᠯ ᠢ ᠨᠢᠭᠲᠠᠷᠠᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号