4ᠨᠢᠭᠡ᠂ ᠭᠤᠤᠯ ᠡᠭᠦᠷᠭᠡ ᠴᠢᠳᠠᠮᠵᠢ | ︵ᠨᠢᠭᠡ︶ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠭᠯᠡᠯᠲᠡ᠂ ᠲᠦᠷᠦ ᠶᠢᠨ | ᠪᠤᠳᠦᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠦᠨ᠎ᠡ᠃ | ︵ᠬᠤᠶᠠᠷ︶ ᠬᠠᠷᠢᠶ᠎ᠠ ᠣᠷᠣᠨ ᠤ ᠪᠠᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠬᠠᠷᠢᠶᠠᠲᠤ | ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠵᠤ ᠪᠠᠶᠢᠭ᠎ᠠ ᠪᠠᠶᠢᠳᠠᠯ ᠢ | ᠡᠵᠡᠮᠰᠢᠵᠦ᠂ ᠵᠠᠳᠠᠯᠤᠨ ᠰᠢᠨᠵᠢᠯᠡᠵᠦ᠂ ᠲᠥᠰᠦᠭᠡᠯᠡᠨ᠎ᠡ︔ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠨᠡᠶᠢᠭᠡᠮ ᠤᠨ ᠠᠮᠤᠷ | ᠲᠦᠪᠰᠢᠨ ᠤ ᠲᠠᠯ᠎ᠠ ᠶᠢᠨ ᠴᠢᠬᠤᠯᠠ ᠮᠡᠳᠡᠭᠡ ᠵᠠᠩᠭᠢ ᠶᠢ ᠬᠠᠩᠭᠠᠬᠤ ᠶᠢᠨ ᠬᠠᠮᠲᠤ ᠠᠷᠭᠠᠴᠠᠬᠤ ᠠᠷᠭ᠎ᠠ ᠳᠤᠷᠠᠳᠤᠨ᠎ᠠ᠃ | ︵ᠭᠤᠷᠪᠠ︶ ᠬᠠᠷᠢᠶ᠎ᠠ ᠣᠷᠣᠨ ᠤ ᠪᠠᠨ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠳᠤ ᠬᠤᠣᠷ | ᠬᠥᠨᠥᠭᠡᠯ ᠤᠴᠠᠷᠠᠭᠤᠯᠤᠭᠰᠠᠨ ᠬᠡᠷᠡᠭ ᠪᠠ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠢ ᠲᠤᠷᠰᠢᠨ | ᠪᠠᠶᠢᠴᠠᠭᠠᠬᠤ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠪᠠᠨ ᠬᠦᠨᠳᠦ ᠶᠡᠭᠡ ᠬᠡᠷᠡᠭ ᠪᠠ ᠴᠢᠬᠤᠯᠠ ᠶᠡᠭᠡ ᠬᠡᠷᠡᠭ | ᠶᠠᠪᠤᠳᠠᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ ᠲᠤᠷᠰᠢᠨ ᠪᠠᠶᠢᠴᠠᠭᠠᠵᠤ᠂ ᠰᠢᠢᠳᠪᠦᠷᠢᠯᠡᠨ᠎ᠡ᠃ | ︵ᠲᠦᠷᠪᠡ︶ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ ᠬᠦᠨᠳᠦ ᠶᠡᠭᠡ ᠬᠡᠷᠡᠭ ᠪᠠ ᠬᠠᠮᠲᠤᠯᠢᠭ ᠤᠨ ᠴᠢᠨᠠᠷᠲᠠᠶ | ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ︔ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠳᠤ ᠬᠤᠣᠷ ᠬᠥᠨᠥᠭᠡᠯ | ᠤᠴᠠᠷᠠᠭᠤᠯᠤᠭᠰᠠᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠳᠣᠲᠣᠭᠠᠳᠤ ᠶᠢ | ᠬᠠᠮᠠᠭᠠᠯᠠᠬᠤ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠤᠯᠢ | ᠶᠣᠰᠣᠭᠠᠷ ᠬᠢᠵᠦ᠂ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠨ᠎ᠠ︔ ᠡᠷᠦᠬᠡ ᠠᠮᠠ᠂ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠬᠢᠯᠢ ᠪᠠᠷ ᠨᠡᠪᠲᠡᠷᠡᠬᠦ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠲᠠᠪᠤ︶ ᠫᠤᠤ ᠵᠡᠪᠰᠡᠭ ᠰᠤᠮᠤ ᠲᠠᠷᠢ᠂ ᠵᠠᠬᠢᠷᠤᠨ ᠬᠠᠮᠢᠶᠠᠷᠬᠤ ᠢᠷᠲᠦ ᠪᠠᠭᠠᠵᠢ᠂ ᠨᠣᠴᠣᠮᠠᠲᠠᠭᠠᠶ | ᠳᠡᠯᠪᠡᠷᠡᠮᠡᠲᠡᠭᠡᠶ᠂ ᠲᠤᠬᠰᠢᠨ ᠬᠤᠣᠷᠲᠠᠢ᠂ ᠰᠠᠴᠤᠷᠠᠭ ᠢᠳᠡᠪᠬᠢ ᠴᠢᠨᠠᠷ ᠵᠡᠷᠭᠡ ᠠᠶᠤᠯᠳᠤ ᠪᠣᠳᠠᠰ ᠪᠠ ᠣᠨᠴᠠ | ᠲᠦᠷᠦᠯ ᠤᠨ ᠠᠵᠢᠯ ᠲᠦᠷᠦᠯ ᠢ ᠬᠠᠤᠯᠢ ᠶᠣᠰᠣᠭᠠᠷ ᠬᠠᠮᠢᠶᠠᠷᠤᠨ᠎ᠠ᠃ | ︵ᠵᠢᠷᠭᠤᠭ᠎ᠠ︶ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠭᠲᠠᠭᠠᠭᠰᠠᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠶᠢ ᠡᠭᠦᠷᠭᠡᠯᠡᠨ᠎ᠡ᠃ | ︵ᠲᠤᠯᠤᠭ᠎ᠠ︶ ᠬᠠᠷᠢᠶ᠎ᠠ ᠣᠷᠣᠨ ᠤ ᠪᠠᠨ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠭᠤᠣᠯᠳᠠᠯᠭ᠎ᠠ ᠲᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ | ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠤᠯᠡᠠ ᠲᠦᠮᠡᠨᠴᠢ ᠴᠢᠨᠠᠷᠲᠠᠶ ᠠᠮᠤᠷ ᠢ | ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ᠎ᠠ︔ | ᠬᠠᠷᠢᠶᠠᠲᠤ ᠣᠷᠣᠨ ᠤ ᠳᠣᠲᠣᠷᠠᠬᠢ ᠠᠮᠤᠷ ᠢ ᠬᠠᠮᠠᠭᠠᠯᠠᠬᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠪᠠ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠠᠪᠤᠭᠤᠯᠬᠤ ᠶᠢ ᠬᠠᠷᠢᠭᠤᠴᠠᠨ᠎ᠠ︔ ᠬᠠᠷᠢᠶᠠᠲᠤ ᠣᠷᠣᠨ ᠤ ᠳᠣᠲᠣᠷᠠᠬᠢ | ᠲᠦᠷᠢᠶᠡᠰᠦᠯᠡᠭᠦᠯᠦᠭᠰᠡᠨ ᠭᠡᠷ ᠪᠠᠶᠢᠰᠢᠩ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠤᠯᠪᠣᠭᠳᠠᠯ ᠪᠦᠬᠦᠢ ᠠᠵᠢᠯ ᠪᠠ ᠨᠡᠶᠢᠭᠡᠮ | ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠨᠠᠢᠮᠠ︶ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ | ᠠᠶᠤᠯᠭᠦᠶ ᠶᠢᠨ ᠭᠠᠯ ᠰᠡᠷᠭᠡᠶᠢᠯᠡᠬᠦ ᠠᠵᠢᠯ ᠢ ᠥᠷᠨᠢᠭᠦᠯᠬᠦ ᠪᠠ ᠵᠢᠯᠣᠭᠤᠳᠣᠨ᠎ᠠ︔ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠬᠠᠷᠭᠤᠭᠤᠯᠬᠤ᠂ ᠭᠠᠯ ᠰᠡᠷᠭᠡᠶᠢᠯᠡᠨ ᠤᠨᠲᠠᠷᠠᠭᠠᠬᠤ ᠶᠢ ᠰᠢᠯᠭᠠᠨ ᠠᠪᠬᠤ ᠪᠠ ᠳᠠᠩᠰᠠᠯᠠᠬᠤ᠂ | ᠰᠤᠭᠤᠴᠢᠨ ᠪᠠᠶᠢᠴᠠᠭᠠᠬᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠪᠠᠶᠢᠴᠠᠭᠠᠯᠲᠠ ᠶᠢᠨ ᠠᠵᠢᠯ ᠢ | ᠬᠡᠷᠡᠭᠵᠢᠭᠦᠯᠦᠨ᠎ᠡ︔ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ᠂ ᠳᠣᠲᠣᠭᠠᠳᠤ ᠶᠢ ᠬᠠᠮᠠᠭᠠᠯᠠᠬᠤ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠬᠠᠷᠢᠶ᠎ᠠ ᠣᠷᠣᠨ ᠤ ᠪᠠᠨ ᠳᠣᠲᠣᠷᠠᠬᠢ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ᠂ ᠲᠤᠷᠰᠢᠨ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠵᠤ᠂ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠵᠦ ᠰᠢᠢᠳᠪᠦᠷᠢᠯᠡᠨ᠎ᠡ᠃ | ︵ᠠᠷᠪᠠ︶ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠵᠤ ᠪᠠᠶᠢᠭ᠎ᠠ | ᠰᠡᠷᠭᠡᠶᠢᠯᠡᠨ ᠬᠠᠮᠠᠭᠠᠯᠠᠬᠤ ᠠᠵᠢᠯ ᠢ ᠬᠠᠪᠰᠤᠷᠤᠨ᠎ᠠ︔ ᠬᠠᠷᠢᠶᠠᠲᠤ ᠣᠷᠣᠨ ᠳᠤ ᠬᠤᠷᠠᠯᠳᠤᠭᠤᠯᠬᠤ ᠴᠢᠬᠤᠯᠠ ᠬᠤᠷᠠᠯ᠂ | ᠴᠢᠬᠤᠯᠠ ᠠᠵᠢᠯᠯᠠᠭ᠎ᠠ ᠪᠠ ᠲᠤᠮᠤ ᠬᠡᠯᠪᠡᠷᠢ ᠶᠢᠨ ᠤᠯᠠᠨ ᠲᠦᠮᠡᠨ ᠤ ᠠᠵᠢᠯᠯᠠᠭ᠎ᠠ ᠶᠢᠨ ᠠᠮᠤᠷ ᠲᠦᠪᠰᠢᠨ ᠢ | ᠬᠠᠮᠠᠭᠠᠯᠠᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠳᠡᠭᠡ ᠬᠤᠯᠪᠣᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠡᠷᠡᠭᠦᠦ ᠶᠢᠨ ᠬᠡᠷᠡᠭ ᠤᠨ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠢ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠪᠢᠶᠠᠷᠢ ᠲᠣᠪᠴᠢᠶ᠎ᠠ ᠶᠢᠨ ᠬᠠᠷᠢᠶ᠎ᠠ ᠨᠢᠭᠡᠴᠡ ᠳᠤ ᠮᠡᠳᠡᠭᠡ ᠵᠠᠩᠭᠢ᠂ | ᠲᠧᠭᠨᠢᠭ ᠮᠡᠷᠭᠡᠵᠢᠯ᠂ ᠮᠡᠳᠡᠭᠡ ᠬᠤᠯᠪᠣᠭ᠎ᠠ᠂ ᠠᠷᠤ ᠲᠠᠯ᠎ᠠ ᠶᠢᠨ ᠦᠢᠯᠡᠴᠢᠯᠡᠭᠡ᠂ ᠲᠣᠨᠣᠭᠯᠠᠯ ᠵᠡᠷᠭᠡ ᠶᠢᠨ ᠦᠢᠯᠡᠴᠢᠯᠡᠭᠡ | ᠬᠠᠩᠭᠠᠨ᠎ᠠ᠃ | ︵ᠠᠷᠪᠠᠨ ᠬᠤᠶᠠᠷ︶ ᠪᠥᠬᠦ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ | ᠴᠠᠭᠳᠠᠭ᠎ᠠ ᠶᠢᠨ ᠡᠩᠨᠡᠭᠡᠨ ᠤ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠬᠥᠮᠦᠵᠢᠯ ᠪᠣᠯᠪᠠᠰᠤᠷᠠᠭᠤᠯᠤᠯ ᠪᠣᠯᠤᠨ | ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ᠂ ᠺᠠᠳ᠋ᠷ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠶᠠᠪᠤᠭᠳᠠᠭᠤᠯᠵᠤ᠂ ᠬᠤᠪᠢᠶᠠᠷᠢ ᠲᠣᠪᠴᠢᠶ᠎ᠠ ᠶᠢᠨ ᠬᠠᠷᠢᠶ᠎ᠠ ᠪᠥᠬᠦᠢ ᠨᠢᠭᠡᠴᠡ ᠳᠤ ᠰᠢᠭᠤᠳ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠬᠤᠪᠢᠶᠠᠷᠢ ᠲᠣᠪᠴᠢᠶ᠎ᠠ ᠶᠢᠨ ᠦᠨᠳᠦᠰᠦᠨ ᠱᠠᠲᠤᠨ ᠤ ᠨᠢᠭᠡᠴᠡ ᠶᠢᠨ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ︔ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ | ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ | ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠲᠦᠷᠪᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠠᠮᠤᠷ ᠢ ᠬᠠᠮᠠᠭᠠᠯᠠᠬᠤ ᠠᠵᠢᠯ ᠤᠨ ᠪᠤᠰᠤᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | ︵ᠠᠷᠪᠠᠨ ᠲᠠᠪᠤ︶ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ | ᠪᠤᠰᠤᠳ ᠶᠠᠪᠤᠳᠠᠯ ᠤᠳ ᠢ ᠡᠭᠦᠷᠭᠡᠯᠡᠨ᠎ᠡ᠃ | | ᠬᠤᠶᠠᠷ᠂ ᠳᠣᠲᠣᠭᠠᠳᠤ ᠪᠠᠶᠢᠭᠤᠯᠤᠮᠵᠢ | 1. ᠮᠡᠳᠡᠭᠡ ᠰᠡᠯᠲᠡ ᠵᠢᠯᠣᠭᠤᠳᠬᠤ ᠲᠥᠪ | ᠨᠢᠭᠤᠴᠠ ᠮᠡᠳᠡᠭᠡ ᠪᠠ ᠵᠢᠯᠣᠭᠤᠳᠬᠤ ᠡᠭᠦᠷᠭᠡ ᠴᠢᠳᠠᠪᠤᠷᠢ ᠪᠠᠷ ᠪᠦᠷᠢᠯᠳᠦᠵᠦ᠂ ᠳᠣᠲᠣᠭᠠᠳᠤ ᠶᠢ ᠬᠠᠮᠠᠭᠠᠯᠠᠬᠤ | ᠨᠢᠭᠤᠴᠠ ᠮᠡᠳᠡᠭᠡ ᠮᠡᠳᠡᠭᠡ ᠵᠠᠩᠭᠢ ᠶᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠵᠠᠳᠠᠯᠤᠨ ᠰᠤᠳᠤᠯᠵᠤ ᠮᠠᠭᠠᠳᠯᠠᠬᠤ | ᠠᠵᠢᠯ᠂ ᠨᠢᠭᠤᠴᠠ ᠮᠡᠳᠡᠭᠡ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ᠵᠢᠯᠣᠭᠤᠳᠬᠤ ᠠᠵᠢᠯ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠲᠥᠪ ᠮᠥᠨ᠂ ᠵᠢᠯᠣᠭᠤᠳᠬᠤ ᠪᠠ ᠲᠣᠬᠢᠷᠠᠭᠤᠯᠬᠤ ᠡᠭᠦᠷᠭᠡ ᠴᠢᠳᠠᠪᠤᠷᠢ ᠶᠢ ᠡᠭᠦᠷᠭᠡᠯᠡᠵᠦ᠂ 110 | ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠤᠯᠠᠨ ᠲᠦᠮᠡᠨ ᠤ ᠲᠦᠭᠰᠢᠭᠦᠷᠢ | ᠮᠡᠳᠡᠭᠦᠯᠦᠭᠰᠡᠨ᠂ ᠲᠤᠰᠠᠯᠠᠮᠵᠢ ᠭᠤᠶᠤᠴᠢᠯᠠᠭᠰᠠᠨ᠂ ᠠᠰᠠᠭᠤᠨ ᠯᠠᠪᠯᠠᠭᠰᠠᠨ ᠵᠡᠷᠭᠡ ᠴᠠᠭᠳᠠᠭᠠᠨ ᠤ ᠪᠠᠶᠢᠳᠠᠯ ᠢ | ᠲᠣᠬᠢᠷᠠᠭᠤᠯᠵᠤ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠶᠢ ᠵᠢᠯᠣᠭᠤᠳᠤᠨ ᠴᠠᠭ ᠲᠤᠬᠠᠶ ᠳᠤᠨᠢ ᠴᠠᠭᠳᠠᠭ᠎ᠠ | ᠭᠠᠷᠴᠤ ᠰᠢᠢᠳᠪᠦᠷᠢᠯᠡᠨ᠂ ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠤᠮᠤ ᠳ᠋ᠠᠶᠢᠲ᠋ᠠ ᠶᠢᠨ ᠲᠠᠪᠴᠠᠩ ᠤᠨ | ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠠᠵᠢᠯ ᠢ ᠥᠷᠨᠢᠭᠦᠯᠵᠦ᠂ 12345 ᠵᠠᠭᠠᠯᠳᠤᠯᠭ᠎ᠠ ᠶᠢ | ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ | ᠰᠢᠢᠳᠪᠦᠷᠢᠯᠡᠬᠦ ᠵᠢᠴᠢ ᠬᠡᠷᠡᠭ ᠢ ᠨᠡᠶᠢᠯᠡᠭᠦᠯᠦᠨ ᠪᠠᠶᠢᠯᠳᠤᠬᠤ ᠠᠵᠢᠯ ᠢ ᠦᠷᠨᠢᠭᠦᠯᠦᠨ᠎ᠡ᠃ ᠪᠠᠴᠢᠮ ᠪᠠᠶᠢᠳᠠᠯ ᠢ | ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠴᠢᠬᠤᠯᠠ ᠶᠡᠭᠡ ᠦᠢᠯᠡᠴᠢᠯᠡᠭᠡᠨ ᠤ ᠠᠮᠤᠷ ᠲᠦᠪᠰᠢᠨ ᠢ | ᠬᠠᠮᠠᠭᠠᠯᠠᠬᠤ ᠠᠵᠢᠯ ᠢ ᠬᠠᠷᠢᠭᠤᠴᠠᠨ᠎ᠠ᠃ | 2. ᠠᠮᠤᠷ ᠢ ᠬᠠᠮᠠᠭᠠᠯᠠᠬᠤ ᠶᠡᠭᠡ ᠠᠩᠭᠢ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠡᠵᠡᠮᠰᠢᠨ ᠰᠤᠳᠤᠯᠵᠤ᠂ ᠪᠥᠬᠦ ᠲᠤᠭᠤᠷᠢᠭ ᠤᠨ ᠳᠣᠲᠣᠭᠠᠳᠤ ᠶᠢ | ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ | ᠥᠷᠨᠢᠭᠦᠯᠬᠦ ᠶᠢ ᠵᠢᠯᠣᠭᠤᠳᠤᠨ᠎ᠠ︔ ᠴᠢᠬᠤᠯᠠ ᠭᠠᠵᠠᠷ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ | ᠥᠷᠨᠢᠭᠦᠯᠦᠨ᠎ᠡ︔ ᠠᠮᠤᠷ ᠢ ᠬᠠᠮᠠᠭᠠᠯᠠᠬᠤ ᠬᠦᠨᠳᠦ ᠶᠡᠭᠡ ᠬᠡᠷᠡᠭ ᠪᠠ ᠠᠵᠢᠯ ᠬᠤᠪᠢᠶᠠᠨ ᠬᠠᠮᠢᠶᠠᠷᠬᠤ ᠡᠷᠡᠭᠦᠦ ᠶᠢᠨ | ᠬᠡᠷᠡᠭ ᠢ ᠵᠣᠬᠢᠶᠠᠨ ᠪᠠᠶᠢᠭᠤᠯᠵᠤ ᠰᠢᠢᠳᠪᠦᠷᠢᠯᠡᠨ᠎ᠡ︔ ᠠᠵᠢᠯ ᠲᠦᠷᠦᠯ ᠤᠨ ᠲᠠᠯᠠᠪᠤᠷ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠦᠷᠨᠢᠭᠦᠯᠦᠨ᠎ᠡ︔ ᠭᠡᠨᠡᠳᠲᠡ ᠶᠢᠨ ᠴᠢᠨᠠᠷᠲᠠᠶ ᠠᠮᠤᠷ ᠢ ᠬᠠᠮᠠᠭᠠᠯᠠᠬᠤ ᠬᠡᠷᠡᠭ ︵ᠬᠡᠷᠡᠭ︶ ᠢ | ᠵᠢᠯᠣᠭᠤᠳᠤᠨ ᠰᠢᠢᠳᠪᠦᠷᠢᠯᠡᠨ᠎ᠡ︔ ᠫᠤᠤ ᠵᠡᠪᠰᠡᠭ ᠰᠤᠮᠤ ᠳᠠᠷᠢ ᠪᠠ ᠠᠶᠤᠯᠲᠠᠶ ᠪᠣᠳᠠᠰ ᠤᠨ ᠬᠠᠮᠢᠶᠠᠷᠤᠯᠲᠠ ᠶᠢ | ᠬᠠᠷᠢᠭᠤᠴᠠᠨ᠎ᠠ︔ ᠪᠥᠬᠦ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ | ᠶᠠᠪᠤᠳᠠᠯ ᠤᠨ ᠬᠠᠮᠢᠶᠠᠷᠤᠯᠲᠠ ᠵᠢᠴᠢ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ | ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ | 3. ᠠᠵᠤ ᠠᠬᠤᠶ ᠶᠢᠨ ᠲᠤᠷᠰᠢᠭᠤᠯ ᠤᠨ ᠶᠡᠭᠡ ᠠᠩᠭᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠬᠠᠮᠠᠭᠠᠯᠠᠵᠤ᠂ ᠠᠵᠤ | ᠠᠬᠤᠶ ᠶᠢᠨ ᠶᠠᠯᠠᠲᠤ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠲᠤᠷᠰᠢᠨ ᠪᠠᠶᠢᠴᠠᠭᠠᠵᠤ᠂ ᠢᠦᠢ ᠴᠢᠤᠸᠠᠨ | ᠲᠣᠭᠤᠷᠢᠭ ᠤᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠨ᠂ ᠠᠵᠤ ᠠᠬᠤᠶ ᠶᠢᠨ ᠶᠠᠯᠠᠲᠤ | ᠠᠵᠢᠯᠯᠠᠭ᠎ᠠ ᠶᠢᠨ ᠬᠡᠯᠪᠡᠷᠢ ᠵᠢᠴᠢ ᠵᠢᠮ᠎ᠡ ᠶᠣᠰᠣ᠂ ᠣᠨᠴᠠᠯᠢᠭ ᠢ ᠵᠠᠳᠠᠯᠤᠨ ᠰᠤᠳᠤᠯᠵᠤ᠂ ᠤᠷᠢᠳᠴᠢᠯᠠᠨ ᠰᠡᠷᠭᠡᠶᠢᠯᠡᠬᠦ᠂ | ᠴᠣᠬᠢᠯᠲᠠ ᠥᠭᠬᠦ ᠠᠷᠭ᠎ᠠ ᠪᠤᠳᠤᠯᠭ᠎ᠠ ᠶᠢ ᠲᠣᠭᠲᠠᠭᠠᠨ᠎ᠠ᠃ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ | ᠬᠠᠪᠰᠤᠷᠤᠨ ᠴᠡᠭᠴᠡᠯᠡᠵᠦ ᠵᠢᠷᠤᠮᠵᠢᠭᠤᠯᠤᠨ᠎ᠠ᠃ ᠡᠯ᠎ᠡ ᠵᠦᠢᠯ ᠤᠨ ᠠᠵᠤ ᠠᠬᠤᠶ ᠶᠢᠨ ᠶᠠᠯᠠᠲᠤ ᠬᠡᠷᠡᠭ ᠢ ᠳᠠᠭᠠᠭᠠᠨ | ᠰᠢᠢᠳᠪᠦᠷᠢᠯᠡᠨ᠎ᠡ᠃ ᠲᠣᠮᠢᠯᠠᠭᠰᠠᠨ ᠰᠠᠯᠪᠤᠷᠢ ᠶᠢᠨ ᠠᠵᠤ ᠠᠬᠤᠶ ᠶᠢᠨ ᠲᠤᠷᠰᠢᠨ ᠪᠠᠶᠢᠴᠠᠭᠠᠬᠤ ᠬᠤᠯᠪᠣᠭᠠᠴᠢᠨ ᠤ | ᠲᠣᠭᠲᠠᠴᠠ ᠶᠢ ᠵᠢᠯᠣᠭᠤᠳᠤᠨ ᠲᠡᠭᠦᠯᠳᠡᠷᠵᠢᠭᠦᠯᠵᠦ᠂ ᠲᠣᠮᠢᠯᠠᠭᠰᠠᠨ ᠰᠠᠯᠪᠤᠷᠢ ᠶᠢᠨ ᠠᠵᠤ ᠠᠬᠤᠶ ᠶᠢᠨ ᠲᠤᠷᠰᠢᠨ | ᠪᠠᠶᠢᠴᠠᠭᠠᠬᠤ ᠬᠤᠯᠪᠣᠭᠠᠴᠢᠨ ᠤ ᠠᠵᠢᠯ ᠤᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠲᠣᠮᠢᠯᠠᠭᠰᠠᠨ ᠰᠠᠯᠪᠤᠷᠢ ᠶᠢᠨ ᠡᠩ ᠤᠨ ᠠᠵᠤ ᠠᠬᠤᠶ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠵᠢᠴᠢ ᠠᠵᠤ | ᠠᠬᠤᠶ ᠳᠤ ᠬᠤᠯᠪᠣᠭᠳᠠᠭᠰᠠᠨ ᠬᠡᠷᠡᠭ ᠤᠨ ᠲᠣᠭᠲᠠᠭᠤᠨ ᠢ ᠬᠠᠮᠠᠭᠠᠯᠠᠨ ᠰᠢᠢᠳᠪᠦᠷᠢᠯᠡᠬᠦ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | 4. ᠬᠤᠣᠷᠲᠤ ᠡᠳ᠋ ᠢ ᠴᠠᠭᠠᠵᠠᠯᠠᠬᠤ ᠶᠡᠭᠡ ᠠᠩᠭᠢ | 1. ᠬᠤᠤᠷᠲᠤ ᠡᠳ᠋ ᠤᠨ ᠬᠠᠤᠯᠢ ᠵᠥᠷᠢᠴᠡᠭᠰᠡᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ | ᠬᠠᠷᠢᠭᠤᠴᠠᠵᠤ᠂ ᠬᠤᠤᠷᠲᠤ ᠡᠳ᠋ ᠡᠳ᠋ᠯᠡᠬᠦ᠂ ᠬᠤᠤᠷᠲᠤ ᠡᠳ᠋ ᠫᠠᠨᠽᠠᠯᠠᠬᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠨ᠎ᠡ︔ 2.ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ | ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠠᠵᠤ ᠠᠬᠤᠶᠢᠯᠠᠯ ᠢ ᠪᠠᠶᠢᠴᠠᠭᠠᠬᠤ ᠪᠠ | ᠰᠢᠮᠳᠠᠭᠤᠯᠬᠤ ᠠᠵᠢᠯ ᠢ ᠰᠠᠶᠢᠲᠤᠷ ᠠᠳᠬᠤᠨ᠎ᠠ︔ 3. ᠬᠤᠤᠷᠲᠤ ᠡᠳ᠋ ᠤᠨ ᠤᠤᠯ ᠤᠷᠭᠤᠮᠠᠯ ᠳᠤ ᠦᠷ᠎ᠡ ᠲᠠᠷᠢᠬᠤ ᠶᠢ | ᠴᠠᠭᠠᠵᠠᠯᠠᠵᠤ ᠠᠷᠢᠯᠭᠠᠬᠤ ᠠᠵᠢᠯ︔ 4. ᠢᠦᠢ ᠴᠢᠤᠸᠠᠨ ᠲᠣᠭᠤᠷᠢᠭ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ | ᠪᠠᠶᠢᠳᠠᠯ ᠢ ᠴᠤᠭᠯᠠᠭᠤᠯᠤᠨ ᠡᠵᠡᠮᠰᠢᠵᠦ᠂ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠦᠷᠦ ᠶᠢᠨ ᠪᠤᠲᠤᠯᠭ᠎ᠠ᠂ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠨ᠎ᠠ︔ 5. ᠳᠡᠭᠡᠳᠦ ᠱᠠᠲᠤᠨ ᠤ ᠬᠤᠣᠷ ᠴᠠᠭᠠᠵᠠᠯᠠᠬᠤ | ᠠᠵᠢᠯ ᠤᠨ ᠲᠤᠬᠠᠢ ᠴᠢᠭᠯᠡᠯᠲᠡ᠂ ᠲᠦᠷᠦ ᠶᠢᠨ ᠪᠤᠳᠤᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠵᠤ᠂ | ᠲᠤᠭᠤᠰᠢᠯᠠᠭᠤᠯᠵᠤ᠂ ᠨᠠᠶᠢᠳᠠᠪᠤᠷᠢᠵᠢᠭᠤᠯᠤᠨ᠎ᠠ︔ 6. ᠬᠤᠣᠷ ᠴᠠᠭᠠᠵᠠᠯᠠᠬᠤ ᠤᠬᠠᠭᠤᠯᠭ᠎ᠠ᠂ ᠵᠠᠯᠠᠭᠤᠴᠤᠳ | ᠪᠠᠭᠠᠴᠤᠳ ᠤᠨ ᠬᠤᠤᠷᠲᠤ ᠡᠳ᠋ ᠢ ᠰᠡᠷᠭᠡᠶᠢᠯᠡᠬᠦ ᠰᠤᠷᠭᠠᠨ ᠬᠥᠮᠦᠵᠢᠯ ᠪᠠ ᠬᠤᠣᠷ ᠴᠠᠭᠠᠵᠠᠯᠠᠬᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ 7. ᠨᠡᠶᠢᠭᠡᠮ | ᠲᠣᠭᠤᠷᠢᠭ ᠤᠨ ᠬᠤᠤᠷ ᠡᠳ᠋ᠯᠡᠬᠦ ᠶᠢ ᠵᠣᠭᠰᠣᠭᠠᠬᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ᠄ ᠬᠤᠤᠷ ᠡᠳ᠋ᠯᠡᠬᠦ ᠶᠢ | ᠵᠣᠭᠰᠣᠭᠠᠬᠤ᠂ ᠡᠷᠡᠭᠦᠯᠵᠢᠭᠦᠯᠦᠭᠰᠡᠳ ᠤᠨ ᠨᠡᠷ᠎ᠡ ᠮᠡᠳᠡᠭᠦᠯᠬᠦ᠂ ᠰᠢᠭᠡᠰᠦ ᠶᠢ ᠪᠠᠶᠢᠴᠠᠭᠠᠬᠤ᠂ ᠮᠡᠳᠡᠭᠡ ᠵᠠᠩᠭᠢ ᠶᠢ | ᠬᠠᠮᠠᠭᠠᠯᠠᠬᠤ᠂ ᠬᠡᠷ ᠪᠦᠯᠢ ᠶᠢᠨ ᠰᠤᠷᠪᠤᠯᠵᠢᠯᠠᠭ᠎ᠠ ᠬᠢᠬᠦ᠂ ᠬᠠᠪᠰᠤᠷᠤᠨ ᠲᠡᠳᠬᠦᠬᠦ ᠵᠡᠷᠭᠡ ᠠᠵᠢᠯ ᠢ ᠬᠠᠷᠢᠭᠤᠴᠠᠨ᠎ᠠ︔ | 8. ᠳᠠᠩᠰᠠᠨ ᠳᠤ ᠪᠠᠶᠢᠭ᠎ᠠ ᠬᠤᠣᠷ ᠡᠳ᠋ᠯᠡᠭᠴᠢ ᠪᠠ ᠬᠤᠤᠷᠲᠤ ᠡᠳ᠋ ᠤᠨ ᠬᠡᠷᠡᠭ ᠢ ᠰᠦᠯᠵᠢᠶᠡᠨ ᠳᠡᠭᠡᠷ᠎ᠡ ᠣᠷᠣᠭᠤᠯᠬᠤ | ᠪᠠ ᠬᠥᠳᠡᠯᠦᠩᠭᠦᠢ ᠪᠠᠷ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃ ᠢᠦᠢ ᠴᠢᠤᠸᠠᠨ ᠤ ᠬᠤᠣᠷᠲᠤ ᠡᠳ᠋ ᠢ | ᠴᠠᠭᠠᠵᠠᠯᠠᠬᠤ ᠵᠦᠪᠯᠡᠯ ᠤᠨ ᠠᠯᠪᠠᠨ ᠭᠡᠷ ᠲᠤ ᠬᠤᠣᠷᠲᠤ ᠡᠳ᠋ ᠢ ᠴᠠᠭᠠᠵᠠᠯᠠᠬᠤ ᠶᠡᠭᠡ ᠠᠩᠬᠢ ᠲᠤᠬᠢᠷᠠᠭᠤᠯᠵᠤ᠂ ᠢᠦᠢ | ᠴᠢᠤᠸᠠᠨ ᠤ ᠬᠤᠣᠷᠲᠤ ᠡᠳ᠋ ᠢ ᠴᠠᠭᠠᠵᠠᠯᠠᠬᠤ ᠵᠦᠪᠯᠡᠯ ᠤᠨ ᠪᠦᠬᠦ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ | 5. ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ | ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ | ᠬᠠᠷᠢᠭᠤᠴᠠᠯᠭ᠎ᠠ ᠨᠡᠬᠡᠮᠵᠢᠯᠡᠵᠦ᠂ ᠬᠤᠪᠢᠶᠠᠷᠢ ᠲᠣᠪᠴᠢᠶᠠᠨ ᠤ ᠨᠠᠮ ᠤᠨ ᠬᠤᠷᠢᠶ᠎ᠠ ᠶᠢ ᠬᠠᠮᠵᠢᠨ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠥᠷᠨᠢᠭᠦᠯᠵᠦ᠂ | ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠵᠠᠰᠠᠬᠤ ᠶᠢ ᠪᠦᠬᠦ ᠲᠠᠯ᠎ᠠ ᠪᠠᠷ ᠭᠦᠨᠵᠡᠭᠡᠶ ᠲᠦᠯᠬᠢᠨ | ᠠᠬᠢᠭᠤᠯᠵᠤ᠂ ᠠᠷᠠᠳ ᠤᠨ ᠪᠠ ᠲᠤᠰᠠᠯᠠᠬᠤ ᠴᠠᠭᠳᠠᠭ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ | 6. ᠤᠯᠤᠰ ᠲᠥᠷᠥ ᠶᠢᠨ ᠠᠵᠢᠯ ᠤᠨ ᠠᠯᠪᠠᠨ ᠭᠡᠷ | ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ᠂ ᠺᠠᠳ᠋ᠷ ᠠᠵᠢᠯᠲᠠᠨ ᠤ ᠶᠠᠪᠤᠳᠠᠯ᠂ ᠤᠬᠠᠭᠤᠯᠭ᠎ᠠ | ᠰᠣᠶᠣᠯ᠂ ᠠᠵᠢᠯ ᠠᠴᠠ ᠪᠣᠯᠤᠭᠰᠠᠨ ᠭᠡᠮᠲᠦᠯ ᠤᠨ ᠠᠰᠠᠷᠠᠮᠵᠢ᠂ ᠬᠥᠮᠦᠵᠢᠯ ᠪᠣᠯᠪᠠᠰᠤᠷᠠᠯ᠂ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ᠂ ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ︔ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ ᠪᠠ ᠡᠮᠡᠭᠲᠡᠶᠢᠴᠦᠳ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠳᠡᠭᠡᠳᠦ ᠱᠠᠲᠤᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠣᠣᠷ᠎ᠠ ᠨᠢ ᠨᠠᠮ ᠤᠨ ᠪᠠᠶᠢᠭᠤᠯᠤᠯᠲᠠ ᠶᠢᠨ ᠠᠯᠪᠠᠨ ᠭᠡᠷ | ᠲᠤᠬᠢᠷᠠᠭᠤᠯᠤᠨ᠎ᠠ᠃ | 7. ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ | ᠪᠦᠬᠦ ᠲᠤᠭᠤᠷᠢᠭ ᠤᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ | ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠵᠢᠮ᠎ᠡ ᠶᠣᠰᠣ ᠤᠨᠴᠠᠯᠢᠭ ᠢ ᠵᠠᠳᠠᠯᠤᠨ ᠰᠤᠳᠤᠯᠤᠨ᠎ᠠ︔ | ᠡᠷᠡᠭᠦᠦ ᠶᠢᠨ ᠶᠠᠯᠠᠲᠤ ᠬᠡᠷᠡᠭ ᠲᠤ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ | ᠦᠷᠨᠢᠭᠦᠯᠦᠨ᠎ᠡ᠃ | 8. ᠣᠷᠴᠢᠨ ᠲᠣᠭᠤᠷᠢᠨ ᠢ ᠲᠣᠭᠤᠷᠢᠭᠰᠠᠨ ᠢᠳᠡᠭᠡᠨ ᠤ ᠡᠮ ᠢ ᠲᠤᠷᠰᠢᠨ ᠪᠠᠶᠢᠴᠠᠭᠠᠬᠤ ᠶᠡᠭᠡ ᠠᠩᠭᠢ | ᠭᠤᠣᠯᠳᠠᠭᠤ ᠢᠳᠡᠭᠡᠨ᠂ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠠᠵᠢᠯ ᠢ | ᠡᠭᠦᠷᠭᠡᠯᠡᠨ᠎ᠡ︔ ᠠᠮᠢ ᠠᠬᠤᠶ ᠶᠢᠨ ᠣᠷᠴᠢᠨ ᠲᠣᠭᠤᠷᠢᠨ ᠪᠠ ᠠᠮᠢᠳᠤ ᠪᠣᠳᠠᠰ ᠤᠨ ᠠᠮᠤᠷ ᠲᠦᠪᠰᠢᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠠᠭᠤᠷᠮᠠᠭ ᠮᠠᠭᠤ ᠲᠠᠸᠠᠷ ᠢ ᠦᠢᠯᠡᠳᠴᠦ ᠪᠣᠷᠣᠯᠠᠭᠤᠯᠤᠭᠰᠠᠨ ᠶᠠᠯᠠᠲᠤ | ᠠᠵᠢᠯᠯᠠᠭ᠎ᠠ ᠶᠢ ᠲᠤᠷᠰᠢᠨ ᠪᠠᠶᠢᠴᠠᠭᠠᠨ᠎ᠠ︔ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠨ᠎ᠠ᠃ | 9. ᠴᠠᠭᠳᠠᠭᠠᠨ ᠶᠠᠪᠤᠳᠠᠯ ᠤᠨ ᠪᠠᠲᠤᠯᠠᠭ᠎ᠠ ᠶᠢᠨ ᠦᠷᠦᠭᠡ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠷᠬᠡ | ᠲᠤᠰᠢᠶᠠᠯ ᠢᠶᠠᠨ ᠭᠦᠢᠴᠡᠳᠬᠡᠬᠦ᠂ ᠪᠦᠬᠦ ᠲᠠᠯ᠎ᠠ ᠶᠢᠨ ᠳᠡᠮᠵᠢᠯᠭᠡ ᠪᠠ ᠪᠠᠲᠤᠯᠠᠭ᠎ᠠ ᠬᠠᠩᠭᠠᠬᠤ ᠪᠠᠶᠢᠭᠤᠯᠤᠮᠵᠢ ᠶᠢ | ᠬᠠᠷᠢᠭᠤᠴᠠᠵᠤ᠂ ᠭᠤᠣᠯᠳᠠᠭᠤ ᠡᠳ᠋ ᠤᠨ ᠶᠠᠪᠤᠳᠠᠯ᠂ ᠠᠷᠤ ᠲᠠᠯ᠎ᠠ ᠶᠢᠨ ᠠᠵᠢᠯ᠂ ᠵᠡᠪᠰᠡᠭ ᠲᠣᠨᠣᠭᠯᠠᠯ ᠵᠡᠷᠭᠡ ᠠᠵᠢᠯ ᠢ | ᠬᠠᠷᠢᠭᠤᠴᠠᠨ᠎ᠠ᠃ ᠪᠣᠳᠠᠲᠠᠶ ᠲᠤᠰᠢᠶᠠᠯ ᠬᠠᠷᠢᠭᠤᠴᠠᠯᠭ᠎ᠠ ᠳᠤ᠄ ᠲᠥᠰᠦᠪ ᠢ ᠮᠡᠳᠡᠭᠦᠯᠬᠦ᠂ ᠬᠤᠪᠢᠶᠠᠷᠢᠯᠠᠬᠤ᠂ ᠳᠣᠷᠣᠭᠰᠢ | ᠪᠠᠭᠤᠯᠭᠠᠬᠤ ᠠᠵᠢᠯ︔ ᠡᠯ᠎ᠡ ᠨᠢᠭᠡᠴᠢ ᠶᠢᠨ ᠡᠯ᠎ᠡ ᠵᠦᠢᠯ ᠤᠨ ᠵᠠᠷᠤᠯᠭ᠎ᠠ ᠶᠢᠨ ᠵᠠᠷᠤᠳᠠᠯ ᠢ ᠲᠥᠯᠥᠪᠯᠡᠬᠦ᠂ ᠬᠢᠨᠠᠨ | ᠬᠠᠷᠭᠤᠭᠤᠯᠬᠤ᠂ ᠲᠠᠩᠰᠠ ᠮᠡᠳᠡᠭᠦᠯᠬᠦ︔ ᠡᠳ᠋ ᠤᠨ ᠶᠠᠪᠤᠳᠠᠯ ᠤᠨ ᠵᠠᠷᠤᠳᠠᠯ ᠤᠨ ᠲᠥᠰᠦᠪ᠂ ᠲᠥᠰᠦᠪ ᠤᠨ | ᠭᠦᠢᠴᠡᠳᠬᠡᠯ︔ ᠵᠡᠪᠰᠡᠭ ᠲᠣᠨᠣᠭᠯᠠᠯ ᠤᠨ ᠪᠠᠷᠢᠮᠵᠢᠶ᠎ᠠ ᠪᠠ ᠵᠡᠪᠰᠡᠭ ᠲᠣᠨᠣᠭᠯᠠᠯ ᠤᠨ ᠲᠥᠯᠥᠪᠵᠢᠭᠦᠯᠭᠡ ᠶᠢ | ᠲᠣᠭᠲᠠᠭᠠᠬᠤ︔ ᠤᠭᠰᠠᠷᠠᠬᠤ᠂ ᠲᠡᠷᠭᠡ ᠬᠥᠰᠬᠡ᠂ ᠮᠡᠳᠡᠭᠡ ᠬᠤᠯᠪᠣᠭ᠎ᠠ ᠠᠪᠬᠤ ᠪᠠ ᠴᠠᠭᠳᠠᠭᠠᠨ ᠤ ᠪᠤᠰᠤᠳ ᠪᠠᠭᠠᠵᠢ | ᠬᠡᠷᠡᠭᠰᠡᠯ ᠢ ᠲᠦᠭᠡᠭᠡᠨ ᠬᠡᠷᠡᠭᠯᠡᠬᠦ ᠶᠢ ᠵᠣᠬᠢᠶᠠᠨ ᠪᠠᠶᠢᠭᠤᠯᠵᠤ ᠬᠤᠪᠢᠶᠠᠷᠢᠯᠠᠬᠤ᠂ ᠬᠢᠨᠠᠵᠤ ᠬᠠᠮᠢᠶᠠᠷᠬᠤ︔ ᠠᠷᠠᠳ ᠤᠨ | ᠪᠠ ᠲᠤᠰᠠᠯᠠᠬᠤ ᠴᠠᠭᠳᠠᠭ᠎ᠠ ᠶᠢᠨ ᠬᠤᠪᠴᠠᠰᠤ ᠶᠢ ᠠᠪᠬᠤ᠂ ᠲᠠᠷᠬᠠᠭᠠᠬᠤ᠂ ᠬᠠᠳᠠᠭᠠᠯᠠᠨ ᠬᠠᠮᠢᠶᠠᠷᠬᠤ︔ ᠦᠨᠳᠦᠰᠦᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠲᠥᠷᠥᠯ ᠵᠦᠢᠯ ᠤᠨ ᠡᠳᠦᠷ | ᠲᠤᠲᠤᠮ ᠤᠨ ᠬᠢᠨᠠᠯᠲᠠ ᠲᠠᠯᠪᠢᠬᠤ ᠵᠡᠷᠭᠡ ᠠᠵᠢᠯ ᠪᠠᠭᠲᠠᠨ᠎ᠠ᠃ | | | ᠠᠵᠢᠯᠯᠠᠬᠤ ᠬᠠᠶ᠋ᠢᠭ᠄ ᠡᠮᠦᠨ᠎ᠡ ᠬᠤᠶᠠᠳᠤᠭᠠᠷ ᠲᠤᠭᠤᠷᠢᠯ ᠵᠠᠮ ᠤᠨ ᠹᠠᠨ ᠵᠢᠶᠠ ᠶᠢᠩ ᠲᠣᠰᠬᠤᠨ ᠤ ᠬᠤᠶᠢᠲᠤ | ᠠᠮᠠᠰᠠᠷ ᠤᠨ ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 1᠄ | 30 — 5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠯᠴᠠᠬᠤ ᠤᠲᠠᠰᠤ᠄ 0471— 6609921 | ᠬᠠᠷᠢᠭᠤᠴᠠᠯᠭ᠎ᠠ ᠡᠭᠦᠷᠭᠡᠯᠡᠭᠴᠢ᠄ ᠵᠤ᠋ ᠸᠧᠨ ᠪᠥᠸᠧ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | | | |