ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠶᠠᠰᠤ ᠴᠢᠨᠠᠷ︾ ᠢ ᠳᠡᠭᠡᠭᠰᠢᠯᠡᠭᠦᠯᠵᠦ ︽ᠳᠦᠷᠢ ᠳᠦᠷᠬᠦ︾ ᠶᠢ ᠭᠤᠶᠤᠵᠢᠭᠤᠯᠤᠨ᠎ᠠ
ᠨᠡᠶᠢᠲᠡᠯᠡᠭᠰᠡᠨ ᠴᠠᠭ᠄
2024/7/30
     ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠦᠨᠡᠨ ᠬᠦ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠡᠰ ᠳᠡᠪᠰᠢᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠲᠣᠣᠷ ᠲᠠᠲᠠᠬᠤ ᠬᠡᠯᠪᠡᠷᠢ᠂ ᠬᠡᠪᠢᠰ ᠮᠠᠶ᠋ᠢᠭ ᠢᠶᠠᠷ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠶᠠᠰᠤ ᠴᠢᠨᠠᠷ︾ ᠢ ᠳᠡᠭᠡᠭᠰᠢᠯᠡᠭᠦᠯᠵᠦ ︽ᠳᠦᠷᠢ ᠳᠦᠷᠬᠦ︾ ᠶᠢ ᠭᠤᠶᠤᠵᠢᠭᠤᠯᠬᠤ ᠶᠢ ᠪᠡᠶᠡᠯᠡᠭᠦᠯᠪᠡ᠃
     ᠲᠣᠰ ᠤᠳᠠᠭᠠᠨ ᠤ ᠳᠡᠭᠡᠭᠰᠢᠯᠡᠭᠦᠯᠬᠦ ᠠᠵᠢᠯ ᠤᠨ ᠳᠤᠮᠳᠠ᠂ ᠲᠣᠰᠬᠤᠨ ᠤ ᠭᠤᠲᠤᠮᠵᠢ᠂ ᠬᠡᠷ ᠪᠠᠶᠢᠰᠢᠩ ᠤᠨ ᠡᠮᠦᠨ᠎ᠡ ᠠᠷᠤ ᠲᠠᠯ᠎ᠠ ᠵᠡᠷᠭᠡ ᠡᠩ ᠤᠨ ᠣᠷᠣᠨ ᠪᠦᠰᠡ ᠠᠴᠠ ᠭᠠᠳᠠᠨ᠎ᠠ᠂ ᠭᠤᠤᠯᠳᠠᠭᠤ ᠲᠠᠷᠢᠶᠠᠨ ᠭᠠᠵᠠᠷ᠂ ᠬᠥᠳᠡᠭᠡ ᠲᠣᠰᠬᠤᠨ ᠤ ᠵᠠᠮ᠂ ᠲᠣᠰᠬᠤᠨ ᠬᠢᠭᠡᠳ ᠲᠣᠰᠬᠤᠨ ᠤ ᠬᠤᠯᠪᠣᠯᠳᠤᠭᠰᠠᠨ ᠵᠠᠮ᠂ ᠬᠤᠲᠠ ᠠᠴᠠ ᠭᠠᠷᠬᠤ ᠡᠭᠦᠳᠡ᠂ 209 ᠤᠯᠤᠰ ᠤᠨ ᠵᠠᠮ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠵᠠᠩᠭᠢᠯᠠᠭ᠎ᠠ ᠶᠢᠨ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡ 61 ᠬᠥᠮᠦᠨ ᠤᠳᠠᠭ᠎ᠠ ᠬᠥᠳᠡᠯᠭᠡᠨ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ᠂ ᠠᠴᠢᠶᠠᠯᠠᠬᠤ ᠮᠠᠰᠢᠨ ᠵᠡᠷᠭᠡ ᠡᠯ᠎ᠡ ᠲᠥᠷᠥᠯ ᠤᠨ ᠲᠡᠷᠭᠡ ᠬᠥᠰᠬᠡ ᠶᠢ 52 ᠰᠠᠤᠷᠢ ᠤᠳᠠᠭ᠎ᠠ ᠢᠳᠡᠪᠬᠢᠲᠡᠶ ᠪᠠᠷ ᠰᠢᠯᠵᠢᠭᠦᠯᠦᠨ ᠲᠣᠮᠢᠯᠠᠵᠤ᠂ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ᠂ ᠬᠦᠴᠦᠨ ᠢᠶᠠᠨ ᠲᠥᠪᠯᠡᠷᠡᠭᠦᠯᠦᠨ ︽ᠥᠨᠴᠥᠭ ᠪᠤᠯᠤᠩ︾ ᠢ ᠴᠡᠪᠡᠷᠯᠡᠵᠦ᠂ ︽ᠪᠠᠯᠠᠶ ᠣᠷᠣᠨ︾ ᠢ ᠠᠷᠢᠯᠭᠠᠨ᠂ ︽ᠠᠷᠬᠠᠭ ᠬᠡᠮ︾ ᠢ ᠵᠠᠰᠠᠵᠤ᠂ ᠬᠤᠭᠤᠰᠣᠨ ᠭᠠᠵᠠᠷ ᠲᠤ ᠬᠤᠭ ᠨᠣᠪᠰᠢ ᠶᠢ ᠬᠤᠷᠠᠮᠳᠤᠭᠤᠯᠤᠨ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠪᠤᠵᠠᠷ ᠡᠪᠡᠰᠦ ᠡᠯᠳᠡᠪ ᠪᠣᠳᠠᠰ᠂ ᠬᠤᠪᠠᠭ᠋ᠠᠶ ᠮᠣᠳᠣᠨ ᠤ ᠰᠠᠯᠠᠭ᠎ᠠ᠂ ᠵᠥᠭᠡᠯᠡᠨ ᠪᠣᠭᠤᠳᠠᠯ ᠵᠢᠴᠢ ᠬᠠᠶᠠᠭᠳᠠᠮᠠᠯ ᠪᠣᠳᠠᠰ ᠵᠡᠷᠭᠡ 50 ᠭᠠᠵᠠᠷ ᠤᠨ 7.27 ᠲᠣᠨ ᠬᠤᠭ ᠨᠤᠪᠰᠢ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ ᠡᠭᠦᠨ ᠤ ᠬᠠᠮᠲᠤ᠂ ᠵᠣᠨ ᠤ ᠤᠯᠠᠷᠢᠯ ᠤᠨ ᠥᠨᠳᠥᠷ ᠳᠤᠯᠠᠭᠠᠨ ᠭᠠᠩ ᠬᠠᠭᠤᠷᠠᠶ ᠴᠠᠭ ᠠᠭᠤᠷ ᠤᠨ ᠪᠣᠳᠠᠲᠠᠶ ᠳᠤ ᠴᠢᠭᠯᠡᠭᠦᠯᠦᠨ᠂ ᠵᠠᠮ ᠳᠤ ᠮᠠᠰᠢᠨᠴᠢᠯᠠᠨ ᠠᠵᠢᠯᠯᠠᠭᠤᠯᠬᠤ ᠶᠢ ᠴᠢᠩᠭᠠᠳᠬᠠᠵᠤ᠂ ᠤᠬᠢᠶᠠᠬᠤ ᠲᠡᠷᠭᠡ᠂ ᠤᠰᠤ ᠰᠦᠷᠴᠢᠬᠦ ᠲᠡᠷᠭᠡ ᠶᠢ ᠠᠰᠢᠭᠯᠠᠨ ᠬᠥᠳᠡᠭᠡ ᠲᠣᠰᠬᠤᠨ ᠤ ᠭᠤᠤᠯ ᠵᠠᠮ ᠢ ᠣᠯᠠᠨ ᠤᠳᠠᠭ᠎ᠠ ᠤᠬᠢᠶᠠᠵᠤ ᠱᠦᠭᠦᠷᠳᠡᠬᠦ᠂ ᠤᠰᠤ ᠰᠦᠷᠴᠢᠬᠦ᠂ ᠲᠣᠭᠤᠰᠣ ᠶᠢ ᠪᠠᠭᠤᠷᠠᠭᠤᠯᠬᠤ᠂ ᠬᠠᠯᠠᠭᠤᠨ ᠢ ᠪᠠᠭᠤᠷᠠᠭᠤᠯᠬᠤ ᠠᠵᠢᠯ ᠢ ᠬᠢᠵᠦ᠂ ᠵᠠᠮ ᠤᠨ ᠤᠭ ᠦᠩᠭᠡ ᠶᠢ ᠣᠯᠵᠤ ᠬᠠᠷᠠᠨ᠂ ᠵᠠᠮ ᠳᠡᠭᠡᠷ᠎ᠡ ᠳᠡᠭᠳᠡᠬᠦ ᠲᠤᠭᠤᠰᠤ ᠦᠭᠡᠢ ᠪᠤᠯᠭᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ  ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠥᠨᠳᠥᠷ ᠪᠦᠲᠦᠮᠵᠢᠲᠡᠢ᠂ ᠤᠳᠠᠭᠠᠨ ᠳᠠᠭᠠᠭᠠᠮᠠᠭᠠᠢ᠂ ᠭᠦᠨᠵᠡᠭᠡᠢ ᠥᠷᠨᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ ᠰᠢᠨ᠎ᠡ ᠳᠡᠭᠲᠡᠷ ᠲᠤ ᠭᠠᠷᠭᠠᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号